2 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ | ᠱᠦᠵᠢ ᠵᠣᠣ ᠶᠠᠨ ᠬᠤᠩ ᠪᠦᠯᠬᠦᠮ ᠳᠠᠭᠠᠭᠤᠯᠤᠨ ᠨᠢᠤ ᠵᠢᠶᠠ ᠶᠢᠩᠽᠢ ᠪᠠᠯᠭᠠᠰᠤᠨ ᠳᠤ ᠬᠦᠷᠴᠦ ᠵᠢᠩᠬᠢᠨᠢ ᠬᠢᠲᠠᠳ | ᠮᠣᠩᠭᠤᠯ ᠡᠮ ᠤᠨ ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠰᠢᠭᠤᠨ ᠲᠠᠰ ᠤᠨ ᠤᠳᠤᠷᠢᠳᠤᠯᠭ᠎ᠠ ᠸᠠᠩ ᠯᠢ ᠭᠦᠸᠧ᠂ ᠯᠢᠦᠶ ᠬᠠᠶ ᠳ᠋ᠦᠩ᠂ ᠰᠢᠤᠢ ᠰᠢᠶᠤᠤ ᠳ᠋ᠦᠩ᠂ ᠢᠦᠶ | ᠬᠤᠸᠠ ᠶᠠᠨ ᠪᠣᠯᠤᠨ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠪᠣᠯᠤᠨ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠵᠥᠪᠯᠡᠭᠴᠢ ᠶᠠᠩ ᠶᠦᠩ ᠶᠠᠷᠢᠯᠴᠠᠬᠤ ᠬᠤᠷᠠᠯ ᠳᠤ | ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ᠂ ᠨᠢᠤ ᠵᠢᠶᠠ ᠶᠢᠩᠽᠢ ᠪᠠᠯᠭᠠᠰᠤᠨ ᠤ | ᠭᠤᠤᠯ ᠬᠠᠷᠢᠭᠤᠴᠠᠯᠭᠠᠲᠠᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠪᠣᠯᠤᠨ ᠬᠡᠰᠡᠭ ᠡᠮ ᠤᠨ ᠮᠠᠲ᠋ᠧᠷᠢᠶᠠᠯ ᠤᠨ | ᠲᠠᠷᠢᠮᠠᠯ ᠤᠨ ᠲᠣᠮᠣ ᠡᠷᠦᠬᠡ ᠶᠠᠷᠢᠯᠴᠠᠬᠤ ᠬᠤᠷᠠᠯ ᠳᠤ ᠣᠷᠣᠯᠴᠠᠪᠠ᠃ | ᠵᠤᠤ ᠶᠠᠨ ᠬᠤᠩ ᠤᠷᠢᠳ ᠬᠤᠵᠢᠳ ᠵᠢᠨᠱᠠᠨ ᠪᠠᠯᠭᠠᠰᠤᠨ ᠤ ᠲᠢᠶᠠᠨ ᠶᠢᠩᠽᠢ ᠲᠣᠰᠬᠤᠨ ᠤ ᠬᠢᠲᠠᠳ ᠮᠣᠩᠭᠤᠯ | ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠥᠪᠥᠷ | ᠮᠣᠩᠭᠤᠯ ᠤᠨ ᠳ᠋ᠠ ᠱᠧᠩ ᠲᠠᠩ ᠬᠢᠲᠠᠳ ᠡᠮ ᠤᠨ ᠮᠠᠲ᠋ᠧᠷᠢᠶᠠᠯ ᠤᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠡᠮ ᠤᠨ ᠲᠠᠷᠢᠶᠠᠯᠠᠩ ᠤᠨ ᠬᠢᠲᠠᠳ ᠡᠮ ᠤᠨ ᠮᠠᠲ᠋ᠧᠷᠢᠶᠠᠯ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠦᠷ᠎ᠡ ᠴᠢᠬᠢ ᠶᠢ ᠪᠤᠶᠢᠵᠢᠭᠤᠯᠬᠤ᠂ ᠲᠠᠷᠢᠬᠤ᠂ ᠡᠳ᠋ᠰᠢᠭᠦᠯᠬᠦ᠂ ᠬᠠᠳᠠᠭᠠᠯᠠᠬᠤ᠂ ᠪᠣᠷᠣᠯᠠᠭᠤᠯᠬᠤ | ᠵᠡᠷᠭᠡ ᠭᠤᠭᠴᠤᠭ᠎ᠠ ᠳᠤ ᠪᠦᠬᠦ ᠬᠡᠯᠬᠢᠶ᠎ᠡ ᠶᠢᠨ ᠪᠠᠶᠢᠴᠠᠭᠠᠨ ᠰᠤᠳᠤᠯᠤᠯᠲᠠ ᠬᠢᠵᠡᠢ᠃ | ᠶᠠᠷᠢᠯᠴᠠᠬᠤ ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠦ ᠵᠢᠶᠠ ᠶᠢᠩᠽᠢ ᠪᠠᠯᠭᠠᠰᠤ ᠵᠢᠩᠬᠢᠨᠢ | ᠬᠢᠲᠠᠳ ᠮᠣᠩᠭᠤᠯ ᠡᠮ ᠤᠨ ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠪᠠᠶᠢᠭᠤᠯᠬᠤ ᠶᠢᠨ ᠲᠣᠭᠤᠷᠢᠨ ᠳᠤ | ᠬᠠᠷᠢᠭᠤ ᠮᠡᠳᠡᠭᠦᠯᠦᠯᠲᠡ ᠬᠢᠵᠦ᠂ ᠤᠯᠤᠰ ᠤᠨ ᠡᠮ ᠤᠨ ᠪᠦᠯᠦᠭᠯᠡᠯ᠂ ᠳ᠋ᠠ ᠱᠧᠩ ᠲᠠᠩ᠂ ᠮᠢᠨ ᠷᠦᠩ ᠡᠮ ᠤᠨ | ᠦᠢᠯᠡᠰ ᠵᠡᠷᠭᠡ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢ ᠪᠣᠯᠤᠨ ᠡᠮ ᠤᠨ ᠮᠠᠲ᠋ᠧᠷᠢᠶᠠᠯ ᠳᠠᠷᠢᠬᠤ ᠲᠣᠮᠣ | ᠡᠷᠦᠬᠡ ᠶᠢᠨ ᠲᠣᠰ ᠪᠡᠶ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ | ᠵᠢᠴᠢ ᠬᠦᠴᠢᠷᠳᠡᠯ ᠢ ᠲᠠᠨᠢᠯᠴᠠᠭᠤᠯᠵᠤ᠂ ᠵᠢᠩᠬᠢᠨᠢ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠲᠥᠪᠯᠡᠷᠡᠭᠦᠯᠦᠨ | ᠲᠠᠷᠬᠠᠭᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠪᠠ᠃ ᠵᠤᠤ ᠶᠠᠨ | ᠬᠤᠩ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠰᠠᠨᠠᠯ ᠢᠶᠠᠨ | ᠰᠣᠯᠢᠯᠴᠠᠵᠤ᠂ ᠬᠤᠯᠪᠣᠭᠳᠠᠯ ᠪᠦᠬᠦᠢ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠵᠢᠭᠠᠵᠤ | ᠭᠠᠷᠭᠠᠭᠰᠠᠨ ᠨᠢ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠪᠣᠯ ᠮᠠᠨ ᠤ ᠬᠤᠰᠢᠭᠤᠨ ᠤ | ᠴᠢᠬᠤᠯᠠ ᠭᠤᠤᠯᠯᠠᠬᠤ ᠠᠵᠤ ᠦᠢᠯᠡᠰ ᠤᠨ ᠨᠢᠭᠡ ᠪᠣᠯᠤᠨ᠎ᠠ᠂ ᠤᠯᠠᠮᠵᠢᠯᠠᠯ ᠲᠠᠢ᠂ ᠠᠭᠤᠯᠬᠤᠨ ᠲᠠᠢ᠂ ᠰᠠᠭᠤᠷᠢ ᠲᠠᠢ᠂ | ᠵᠢᠩᠬᠢᠨᠢ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠥᠲᠥᠭᠡᠨ | ᠪᠠᠶᠢᠭᠤᠯᠬᠤ ᠨᠢ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ | ᠂ ᠥᠪᠡᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠵᠢᠩᠬᠢᠨᠢ ᠬᠢᠲᠠᠳ ᠮᠣᠩᠭᠤᠯ ᠡᠮ ᠤᠨ | ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠨᠠᠩ ᠥᠨᠳᠥᠷ ᠬᠢᠷᠢ ᠲᠦᠪᠰᠢᠨ᠂ ᠨᠠᠩ ᠴᠢᠨᠠᠷ | ᠰᠠᠶᠢᠲᠠᠶ ᠳᠠᠪᠰᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ |