3 ᠰᠠᠷ᠎ᠠ ᠶᠢᠨ 13 ᠤ ᠡᠳᠦᠷ᠂ ᠬᠠᠷᠠᠴᠢᠨ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ | ᠠᠵᠢᠯ ᠤᠨ ᠵᠢᠷᠤᠮᠵᠢᠭᠰᠠᠨ ᠦᠷ᠎ᠡ ᠠᠰᠢᠭ ᠢ ᠨᠡᠮᠡᠭᠳᠡᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠵᠢᠶ | ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠦᠪᠡᠭᠴᠢᠯᠡᠬᠦ ᠵᠠᠩᠭᠢᠯᠠᠭ᠎ᠠ ᠶᠢᠨ ᠵᠢᠯ ᠮᠥᠨ᠂ ᠡᠳ᠋ ᠤᠨ ᠵᠠᠰᠠᠭ ᠭᠠᠶᠢᠯᠢ ᠶᠢᠨ ᠠᠵᠢᠯ ᠰᠢᠨ᠎ᠡ ᠪᠠᠶᠢᠳᠠᠯ᠂ ᠰᠢᠨ᠎ᠡ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠢ ᠡᠷᠭᠢᠯᠡᠬᠦ ᠪᠣᠯ ᠡᠳ᠋ ᠤᠨ | ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ ᠪᠥᠬᠦᠶ ᠠᠷᠭ᠎ᠠ ᠬᠡᠮᠵᠢᠶ᠎ᠡ ᠮᠥᠨ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠣᠷᠳᠣᠨ ᠤ ᠠᠵᠢᠯᠯᠠᠭ᠎ᠠ ᠶᠢ | ᠵᠢᠷᠤᠮᠵᠢᠭᠤᠯᠬᠤ᠂ ᠵᠠᠰᠠᠭ ᠵᠠᠬᠢᠷᠭᠠᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠲᠣᠭᠠᠳᠤ | ᠱᠠᠭᠠᠷᠳᠠᠯᠭ᠎ᠠ ᠮᠥᠨ᠂ ᠪᠠᠰᠠ ᠴᠤ ᠺᠠᠳ᠋ᠷ ᠤᠨ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠶᠢᠨ ᠪᠣᠳᠠᠲᠤ ᠬᠡᠷᠡᠭᠴᠡᠭᠡ | ᠮᠥᠨ ᠭᠡᠵᠠᠢ᠃ | ᠬᠤᠷᠠᠯ ᠠᠴᠠ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠢ ᠬᠠᠷᠢᠯᠴᠠᠵᠤ | ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠤᠷᠢᠳᠴᠢᠯᠠᠨ ᠰᠤᠳᠤᠯᠵᠤ ᠤᠷᠢᠳᠴᠢᠯᠠᠨ ᠮᠠᠭᠠᠳᠯᠠᠬᠤ᠂ ᠵᠠᠳᠠᠯᠤᠨ | ᠬᠢᠨᠠᠨ ᠡᠵᠡᠮᠳᠡᠬᠦ ᠪᠠ ᠶᠡᠷᠦᠩᠬᠡᠶᠢᠯᠡᠨ ᠳᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ | ︽ᠴᠤᠩᠬᠤᠪᠴᠢ ᠶᠢᠨ ᠬᠤᠭᠤᠴᠠᠭ᠎ᠠ︾ ᠶᠢ ᠠᠮᠵᠢᠨ ᠠᠳᠬᠤᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ | ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠤᠯᠬᠤ ᠬᠡᠷᠡᠭᠲᠡᠢ᠃ ︽ᠠᠷᠪᠠᠨ ᠶᠡᠭᠡ ᠠᠵᠢᠯᠯᠠᠭ᠎ᠠ︾ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠲᠣᠭᠲᠠᠭᠠᠬᠤ᠂ ᠭᠠᠵᠠᠷ ᠰᠢᠷᠣᠢ ᠶᠢ | ᠡᠷᠭᠢᠯᠲᠡ ᠳᠤ ᠣᠷᠣᠭᠤᠯᠬᠤ ᠵᠡᠷᠭᠡ ᠭᠤᠭᠴᠤᠭ᠎ᠠ ᠠᠴᠠ ᠭᠠᠷᠳᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠬᠥᠭᠵᠢᠭᠰᠡᠨ ᠭᠠᠶᠢᠯᠢ ᠶᠢᠨ ᠢᠷᠡᠯᠲᠡ ᠶᠢ ᠢᠯᠡᠷᠡᠭᠦᠯᠦᠨ | ᠪᠤᠶᠢᠵᠢᠭᠤᠯᠬᠤ ᠶᠢᠨ ᠬᠠᠮᠲᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠴᠠᠭ ᠲᠤᠬᠠᠢ ᠳᠤᠨᠢ | ᠲᠤᠭ᠎ᠠ ᠶᠣᠰᠣᠭᠠᠷ ᠲᠤᠰᠢᠶᠠᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠨ | ᠬᠦ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ | ︽ᠬᠡᠲᠦᠷᠡᠭᠦᠯᠦᠭᠰᠡᠨ ᠭᠠᠶᠢᠯᠢ︾ ᠶᠢ ᠴᠢᠩᠭ᠎ᠠ ᠴᠠᠭᠠᠵᠠᠯᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ︽ | ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ︽ᠠᠷᠪᠢᠴᠢ ᠭᠠᠮᠲᠠᠶ ᠠᠮᠢᠳᠤᠷᠠᠬᠤ︾ | ᠳᠠᠳᠬᠠᠯ ᠲᠠᠢ ᠪᠠᠶᠢᠵᠤ᠂ ︽ᠪᠠᠭ᠎ᠠ ᠵᠣᠭᠤᠰ᠂ ᠶᠡᠭᠡ ᠵᠣᠭᠤᠰ᠂ ᠶᠡᠭᠡ ᠬᠥᠩᠭᠡᠨ︾ ᠪᠠᠶᠢᠬᠤ ᠶᠢ ᠪᠠᠷᠢᠮᠲᠠᠯᠠᠵᠤ᠂ | ᠳᠡᠭᠡᠳᠦ ᠱᠠᠲᠤᠨ ᠤ ᠬᠠᠲᠠᠭᠤ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠲᠣᠭᠲᠠᠭᠠᠭᠰᠠᠨ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠲᠥᠷᠥᠯ ᠵᠦᠢᠯ ᠪᠠ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ︽ᠦᠨᠳᠦᠰᠦᠨ ᠪᠤᠰᠤ ᠲᠥᠰᠦᠪ︾᠂ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠪᠠ | ᠠᠮᠢᠳᠤᠯᠢᠭ ᠪᠣᠯᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠬᠥᠳᠡᠭᠡ ᠲᠣᠰᠬᠤᠨ ᠤ ᠰᠤᠯᠠ ᠪᠠᠶᠢᠭ᠎ᠠ ᠦᠷ᠎ᠡ | ᠠᠰᠢᠭ ᠢᠶᠠᠷ ᠳᠣᠣᠷ᠎ᠠ ᠡᠳ᠋ ᠬᠦᠷᠦᠩᠭᠡ ᠶᠢ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠢᠶᠠᠷ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ | ᠲᠥᠷᠥ ᠶᠢᠨ ᠪᠣᠳᠣᠯᠭ᠎ᠠ ᠶᠢ ᠰᠤᠷᠤᠯᠴᠠᠵᠤ᠂ ᠲᠤᠬᠠᠶᠢᠯᠠᠭᠰᠠᠨ ᠠᠵᠢᠯ ᠢᠶᠠᠨ ᠰᠢᠮᠳᠠᠭᠤᠯᠵᠤ᠂ ᠴᠢᠳᠠᠪᠤᠷᠢ ᠪᠠᠨ | ᠴᠢᠩᠭᠠᠳᠬᠠᠵᠤ᠂ ᠪᠥᠬᠦ ᠬᠤᠰᠢᠭᠤᠨ ᠤ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠤ ᠶᠡᠭᠡ ᠲᠠᠯ᠎ᠠ ᠳᠤ ᠪᠥᠬᠦ | ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠶ᠃ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ | ᠲᠡᠰ ᠳᠠᠷᠠᠭᠠᠯᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠶᠠᠪᠤᠴᠠ ᠶᠢ ᠵᠢᠷᠤᠮᠵᠢᠭᠤᠯᠬᠤ ᠬᠡᠷᠡᠭᠲᠡᠢ᠃ ︽ᠡᠳ᠋ ᠤᠨ | ᠵᠠᠰᠠᠭ ᠤᠨ ᠬᠢᠨᠠᠨ ᠬᠠᠮᠢᠶᠠᠷᠤᠯᠲᠠ ᠶᠢᠨ ᠬᠢᠨᠠᠯᠲᠠ︾ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ᠂ ᠵᠢᠷᠤᠮᠵᠢᠯ ᠲᠠᠢ᠂ ᠥᠨᠳᠥᠷ | ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠳᠡᠭᠡᠷ᠎ᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ 2024 ᠣᠨ ᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ | 2025 ᠣᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠠᠮᠢᠶ᠎ᠠ ᠪᠥᠬᠦᠶ | ᠨᠢᠭᠡᠴᠡ ᠠᠴᠠ ᠲᠣᠰ ᠲᠣᠰ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠲᠣᠭᠲᠠᠭᠠᠬᠤ᠂ ᠤᠯᠤᠰ ᠤᠨ ᠡᠳ᠋ | ᠬᠥᠷᠥᠩᠭᠡ ᠶᠢᠨ ᠬᠠᠮᠢᠶᠠᠷᠤᠯᠲᠠ᠂ ᠬᠢᠨᠠᠨ ᠪᠣᠳᠣᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ︽ᠭᠤᠷᠪᠠᠨ | ᠡᠳ᠋ ᠬᠥᠷᠥᠩᠭᠡ ᠶᠢᠨ ᠬᠠᠮᠢᠶᠠᠷᠤᠯᠲᠠ︾᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠭᠠᠶᠢᠯᠢ | ᠰᠦᠢᠳᠬᠡᠯ ᠢ ᠪᠠᠲᠤᠯᠠᠬᠤ ᠠᠷᠭ᠎ᠠ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠵᠡᠷᠭᠡ ᠲᠠᠯ᠎ᠠ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠬᠡᠷᠡᠭ ᠤᠨ ᠵᠢᠱᠢᠶ᠎ᠡ ᠶᠢᠨ | ᠵᠠᠳᠠᠯᠤᠯᠲᠠ ᠬᠢᠪᠠ᠃ | ᠬᠤᠰᠢᠭᠤᠨ ᠲᠠᠰ ᠤᠨ ᠲᠥᠰᠦᠪ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ | ᠠᠵᠢᠯᠲᠠᠨ ᠵᠢᠴᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶᠠᠨ ᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ |