3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 85 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ | ᠬᠤᠲᠠ ᠶᠢᠨ ᠬᠢᠨᠠᠨ ᠪᠤᠳᠤᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 | ᠣᠨ ᠤ ᠬᠤᠰᠢᠭᠤᠨ ᠤ ᠲᠣᠰ ᠱᠠᠲᠤᠨ ᠤ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ | ᠬᠤᠰᠢᠭᠤᠨ ᠤ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 | ᠣᠨ ᠤ ᠠᠵᠢᠯ ᠤᠨ ᠭᠤᠤᠯᠳᠠᠯᠭ᠎ᠠ ︵ᠬᠢᠨᠠᠨ ᠵᠥᠪᠯᠡᠬᠦ ᠨᠣᠤᠷᠠᠭ︶︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ | ᠠᠵᠢᠯ ᠤᠨ ᠭᠤᠤᠯᠳᠠᠯᠭ᠎ᠠ ︵ᠬᠢᠨᠠᠨ ᠵᠥᠪᠯᠡᠬᠦ ᠨᠣᠤᠷᠠᠭ︶︾᠂ ︽ᠬᠠᠷᠠᠴᠢᠨ ᠬᠤᠰᠢᠭᠤᠨ ᠤ ︿ᠬᠤᠷᠢᠶᠠᠵᠤ ᠲᠠᠲᠠᠬᠤ | ᠥᠬᠡᠶ᠂ ᠴᠡᠭᠴᠡᠯᠡᠨ ᠰᠠᠶᠢᠵᠢᠷᠠᠭᠤᠯᠬᠤ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ︾ ᠠᠰᠠᠭᠤᠳᠠᠯ ᠤᠨ | ᠬᠤᠯᠪᠣᠭᠠᠯᠠᠨ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ︵ᠬᠢᠨᠠᠨ ᠵᠥᠪᠯᠡᠬᠦ ᠨᠣᠤᠷᠠᠭ︶︾ ᠶᠢ ᠰᠤᠳᠤᠯᠤᠨ | ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠪᠤᠳᠤᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠢᠨᠵᠢᠯᠡᠬᠦ | ᠤᠬᠠᠭᠠᠨᠴᠢ ᠵᠢᠷᠤᠮᠵᠢᠭᠰᠠᠨ ᠰᠠᠯᠠᠭ᠎ᠠ ᠮᠥᠴᠢᠷ ᠤᠨ ᠵᠣᠬᠢᠴᠠᠭᠤᠯᠤᠨ ᠨᠡᠪᠲᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ | ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠰᠢᠯᠲᠠᠭᠠᠨ ᠢ ᠨᠢ ᠰᠢᠰᠲ᠋ᠧᠮ ᠲᠠᠢ ᠵᠠᠳᠠᠯᠵᠤ᠂ | ᠲᠦᠷᠢᠮ ᠤᠨ ᠳᠤᠲᠠᠭᠳᠠᠯ ᠢ ᠬᠤᠷᠢᠭᠯᠠᠵᠤ᠂ ᠲᠤᠰᠬᠠᠢ ᠮᠡᠷᠭᠡᠵᠢᠯ ᠳᠡᠭᠡᠨ ᠨᠠᠷᠢᠯᠢᠭ᠂ ᠶᠠᠰᠤ ᠴᠢᠨᠠᠷ ᠢᠶᠠᠷ ᠥᠨᠳᠥᠷ | ᠪᠠᠶᠢᠬᠤ ᠶᠢ ᠪᠡᠶᠡᠯᠡᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠳᠠᠷᠠᠭᠠᠴᠢ ᠶᠢᠨ ᠠᠵᠢᠯ︾ ᠢ ᠴᠢᠨᠠᠷ | ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠰᠠᠭ ᠤᠨ ᠣᠷᠳᠣᠨ ᠳᠤ | ᠬᠤᠯᠪᠣᠭᠳᠠᠭᠰᠠᠨ ᠬᠡᠷᠡᠭ ᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠵᠠᠭᠠᠯᠳᠤᠬᠤ ᠠᠴᠠ ᠡᠮᠦᠨ᠎ᠡ | ᠡᠶᠡᠳᠡᠭᠦᠯᠬᠦ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠪᠠᠭᠤᠯᠭᠠᠬᠤ ᠶᠢ ᠡᠷᠡᠰ ᠬᠤᠷᠢᠭᠯᠠᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ | ᠰᠢᠭᠦᠬᠦ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠶ ᠲᠥᠯᠥᠪᠯᠡᠨ᠂ ᠲᠣᠭᠲᠠᠮᠠᠯ | ᠬᠤᠭᠤᠴᠠᠭ᠎ᠠ ᠲᠠᠢ ᠪᠠᠷ ᠡᠮᠬᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠬᠦ ᠲᠣᠭᠲᠠᠴᠠ ᠶᠢ | ᠪᠠᠶᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠠᠮᠵᠢᠯᠴᠠᠭ᠎ᠠ ᠬᠦᠴᠦᠲᠡᠶ᠂ ᠬᠢᠵᠠᠭᠠᠷᠯᠠᠯ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ |