3 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ | ᠬᠤᠷᠠᠯᠳᠤᠭᠤᠯᠵᠤ᠂ 2024 ᠣᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ ᠤᠨ | ᠠᠵᠢᠯᠲᠠᠨ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳ᠋ᠦᠩᠨᠡᠯᠲᠡ ᠶᠢ ᠰᠣᠨᠣᠰᠴᠤ᠂ 2025 ᠣᠨ ᠤ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ | ᠶᠠᠨ ᠬᠤᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ | ᠮᠥᠴᠢᠷ ᠤᠨ ᠬᠢᠨ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠬᠦᠷᠢᠶᠡᠨ ᠤ ᠠᠵᠢᠯ ᠴᠥᠮ ᠣᠷᠢᠶᠠᠯᠳᠤᠪᠠᠰᠤ ᠵᠣᠬᠢᠬᠤ ᠠᠮᠵᠢᠯᠲᠠ | ᠤᠯᠪᠠ᠃ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠨᠡᠩ | ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ ᠢᠶᠠᠷ ᠨᠠᠮ ᠤᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ᠂ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠺᠠᠳ᠋ᠷ ᠢ ︽ᠰᠣᠩᠭᠤᠨ | ᠬᠥᠮᠦᠵᠢᠭᠦᠯᠬᠦ ᠳᠤ ᠲᠤᠰᠠᠲᠠᠶ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠪᠥᠬᠦ ᠲᠠᠯ᠎ᠠ ᠪᠠᠷ | ᠬᠥᠮᠦᠵᠢᠭᠦᠯᠦᠨ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠬᠤ ᠪᠠᠷ ᠴᠢᠷᠮᠠᠶᠢᠬᠤ ᠬᠡᠷᠡᠭᠲᠡᠶ᠃ ᠤᠬᠠᠭᠤᠯᠭ᠎ᠠ ᠶᠢᠨ | ᠠᠵᠢᠯ ᠢ ᠪᠣᠳᠠᠲᠠᠶ ᠠᠳᠬᠤᠵᠤ᠂ ᠦᠵᠡᠯ ᠰᠠᠨᠠᠭᠠᠨ ᠤ ᠲᠤᠭ ᠢ ᠡᠷᠡᠰ ᠭᠤᠶᠢᠪᠢᠰᠢ ᠥᠬᠡᠶ ᠰᠠᠶᠢᠲᠤᠷ ᠮᠠᠨᠳᠤᠭᠤᠯᠵᠤ᠂ | ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠦᠷᠭᠦᠯᠵᠢᠯᠡᠨ ᠰᠠᠶᠢᠲᠤᠷ ᠬᠠᠮᠢᠶᠠᠷᠴᠤ᠂ ᠰᠣᠶᠣᠯ ᠤᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠲᠠᠰᠤᠷᠠᠯᠲᠠ ᠥᠬᠡᠶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠨᠢᠭᠡᠳᠦᠮᠡᠯ ᠹᠷᠣᠨᠲ ᠤᠨ | ᠠᠵᠢᠯ ᠢ ᠪᠠᠲᠤ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠳᠤ ᠢᠮᠠᠭᠲᠠ | ᠲᠤᠤᠱᠯᠠᠭᠤᠯᠵᠤ᠂ ᠡᠷᠳᠡᠨᠢ ᠪᠣᠯᠬᠤ ᠤᠬᠠᠮᠰᠠᠷ᠂ ᠡᠶ᠎ᠡ ᠵᠣᠬᠢᠴᠠᠩᠭᠤᠢ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠨᠡᠶᠢᠭᠡᠮ ᠤᠨ ᠠᠵᠢᠯ ᠢ ᠨᠠᠷᠢᠯᠢᠭ ᠠᠳᠬᠤᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠤᠯᠠᠨ ᠲᠦᠮᠡᠨ ᠤ ᠥᠪᠡᠷᠲᠡᠭᠡᠨ ᠵᠠᠰᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ | ᠰᠡᠳᠬᠢᠯ ᠲᠠᠯᠪᠢᠨ ᠤᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠦᠨᠡᠨᠬᠦ ᠠᠬᠢᠭᠤᠯᠬᠤ ᠬᠡᠷᠡᠭᠲᠡᠢ᠃ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠭᠦᠨᠵᠡᠭᠡᠶ ᠠᠳᠬᠤᠵᠤ᠂ ᠠᠮᠤᠷ | ᠲᠦᠪᠰᠢᠨ ᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ | ᠪᠠᠲᠤᠯᠠᠬᠤ ᠪᠠᠷ ᠬᠦᠴᠦᠯᠡᠵᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠤ ᠬᠤᠷᠢᠭ᠎ᠠ ᠱᠤᠭᠤᠮ ᠢ | ᠪᠠᠲᠤ ᠰᠠᠬᠢᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠳᠡᠭᠡᠨ ᠡᠷᠬᠡ | ᠲᠡᠭᠰᠢ ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ | ᠴᠠᠭᠠᠵᠠ ᠶᠢᠨ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠬᠤᠷᠠᠯ ᠠᠴᠠ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ᠂ ︽ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠬᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ︽ᠡᠷᠬᠢᠨ ᠬᠠᠷᠠᠬᠤ︾ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ | ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ | ᠬᠤᠰᠢᠭᠤᠨ ᠤ ᠤᠳᠤᠷᠢᠳᠤᠯᠭ᠎ᠠ ᠲᠤᠤ ᠮᠧᠩ ᠬᠤᠩ᠂ ᠸᠠᠩ ᠯᠢ ᠭᠦᠸᠧ᠂ ᠵᠠᠩ ᠵᠢᠶ ᠲᠤᠤ᠂ ᠯᠢᠦ ᠬᠠᠶ ᠮᠧᠶ᠂ | ᠪᠠᠶ ᠶᠦᠩ ᠬᠤᠸᠠ᠂ ᠯᠢᠦᠶ ᠬᠠᠶ ᠳ᠋ᠦᠩ᠂ ᠵᠠᠩ ᠶᠦᠩ ᠴᠢᠶᠣᠤ ᠬᠤᠷᠠᠯ ᠳᠤ ᠣᠷᠣᠯᠴᠠᠵᠠᠶ᠃ ᠬᠤᠰᠢᠭᠤᠨ ᠤ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ︵ᠠᠵᠤ | ᠦᠢᠯᠡᠳᠪᠦᠷᠢ︶ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠵᠠᠶ᠃ | |