3 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠪᠠᠶᠠᠷ ᠢ ᠪᠡᠯᠭᠡᠯᠡᠵᠦ᠂ | ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠬᠤᠰᠢᠭᠤᠨ ᠤ ᠬᠢᠲᠠᠳ | ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠢᠳᠡᠪᠬᠢᠲᠡᠶ ᠬᠥᠳᠡᠯᠦᠯᠴᠡᠵᠦ᠂ ᠠᠯᠢ ᠣᠯᠠᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠴᠢᠨᠠᠷ ᠰᠠᠶᠢᠲᠠᠶ ᠡᠷᠡᠭᠦᠯ ᠮᠡᠨᠳᠦ ᠶᠢᠨ ᠦᠢᠯᠡᠴᠢᠯᠡᠭᠡ ᠶᠢ ᠣᠯᠠᠨ | ᠲᠦᠮᠡᠨ ᠤ ᠬᠡᠷ ᠲᠤ ᠬᠦᠷᠭᠡᠵᠦ᠂ ᠬᠢᠲᠠᠳ ᠮᠣᠩᠭᠤᠯ ᠡᠮ ᠡᠮᠨᠡᠯᠭᠡ ᠶᠢᠨ ᠮᠡᠳᠡᠯᠭᠡ ᠶᠢ ᠤᠯᠠᠮᠵᠢᠯᠠᠪᠠ᠃ | 3 ᠰᠠᠷ᠎ᠠ ᠶᠢᠨ 17 ᠤ ᠡᠳᠦᠷ ᠠᠴᠠ ᠡᠬᠢᠯᠡᠨ᠂ ᠮᠠᠨ ᠤ ᠬᠤᠷᠢᠶ᠎ᠠ ᠡᠮ ᠡᠮᠨᠡᠯᠭᠡ ᠶᠢᠨ ᠦᠢᠯᠡᠴᠢᠯᠡᠭᠡᠨ ᠤ ᠠᠩᠭᠢ ᠶᠢ | ᠵᠣᠬᠢᠶᠠᠨ ᠪᠠᠶᠢᠭᠤᠯᠵᠤ ᠤᠷᠢᠳ ᠬᠤᠵᠢᠳ ᠪᠠᠭ᠎ᠠ ᠨᠡᠭᠦᠴᠡ ᠪᠠᠯᠭᠠᠰᠤ᠂ ᠸᠠᠩ ᠤᠨ ᠣᠷᠳᠣᠨ ᠪᠠᠯᠭᠠᠰᠤᠨ ᠤ ᠭᠤᠣᠯ | ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠ ᠡᠷᠡᠭᠦᠯ | ᠮᠡᠨᠳᠦ ᠶᠢ ᠤᠬᠠᠭᠤᠯᠤᠨ ᠲᠠᠶᠢᠯᠪᠤᠷᠢᠯᠠᠵᠠᠢ᠃ ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ | ᠡᠮᠨᠡᠭᠦᠯᠬᠦ ᠪᠠᠷ ᠢᠷᠡᠭᠰᠡᠨ ᠤᠯᠠᠨ ᠲᠦᠮᠡᠨ ᠲᠠᠰᠤᠷᠠᠯᠳᠡ ᠦᠭᠡᠢ ᠣᠯᠠᠰᠢᠷᠠᠵᠤ᠂ ᠡᠮᠴᠢ ᠰᠤᠷᠤᠭᠴᠢᠳ ᠤᠯᠠᠨ | ᠲᠦᠮᠡᠨ ᠳᠤ ᠨᠠᠷᠢᠨ ᠨᠢᠮᠪᠠᠢ ᠪᠡᠶ᠎ᠡ ᠶᠢᠨ ᠪᠠᠶᠢᠴᠠᠭᠠᠯᠲᠠ ᠬᠢᠬᠦ᠂ ᠴᠢᠰᠤᠨ ᠳᠠᠷᠤᠯᠲᠠ ᠶᠢ ᠬᠡᠮᠵᠢᠬᠦ ᠵᠡᠷᠭᠡ ᠶᠢ | ᠬᠦᠯᠢᠴᠡᠩᠭᠦᠢ ᠪᠠᠷ ᠬᠢᠵᠦ᠂ ᠬᠢᠲᠠᠳ ᠡᠮᠨᠡᠯᠭᠡ ᠶᠢᠨ ᠤᠨᠤᠯ ᠢᠶᠠᠷ ᠠᠳᠠᠯᠢ ᠪᠤᠰᠤ ᠡᠪᠡᠳᠴᠢᠨ ᠳᠤ ᠲᠤᠰᠬᠠᠢ | ᠮᠡᠷᠭᠡᠵᠢᠯ ᠤᠨ ᠣᠨᠣᠰᠢᠯᠠᠯᠲᠠ ᠪᠠ ᠵᠠᠰᠠᠯᠲᠠ ᠬᠢᠬᠦ ᠰᠠᠨᠠᠭᠤᠯᠭ᠎ᠠ ᠳᠤᠷᠠᠳᠴᠠᠢ᠃ ᠡᠭᠦᠨ ᠤ ᠬᠠᠮᠲᠤ᠂ ᠡᠮᠴᠢ | ᠰᠤᠪᠢᠯᠠᠭᠴᠢᠳ ᠪᠠᠰᠠ ᠤᠯᠠᠨ ᠲᠦᠮᠡᠨ ᠳᠤ ᠬᠢᠲᠠᠳ ᠮᠣᠩᠭᠤᠯ ᠡᠮ ᠡᠮᠨᠡᠯᠭᠡ ᠶᠢᠨ ᠪᠡᠶ᠎ᠡ ᠰᠤᠪᠢᠯᠠᠯᠲᠠ | ᠡᠷᠡᠭᠦᠯᠵᠢᠯ ᠤᠨ ᠮᠡᠳᠡᠯᠭᠡ᠂ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠲᠤ ᠬᠢᠲᠠᠳ ᠮᠣᠩᠭᠤᠯ ᠡᠮᠨᠡᠯᠭᠡ ᠶᠢ | ᠰᠡᠷᠭᠡᠶᠢᠯᠡᠬᠦ ᠠᠷᠭ᠎ᠠ᠂ ᠡᠳᠦᠷ ᠲᠤᠳᠤᠮ ᠤᠨ ᠢᠳᠡᠭᠡᠨ ᠤᠮᠳᠠᠭᠠᠨ ᠤ ᠲᠣᠬᠢᠷᠠᠭᠤᠯᠤᠯᠲᠠ ᠵᠡᠷᠭᠡ ᠶᠢ ᠢᠳᠡᠪᠬᠢᠲᠡᠢ | ᠲᠦᠭᠡᠮᠡᠯᠵᠢᠭᠦᠯᠵᠡᠢ᠃ ᠣᠯᠠᠨ ᠲᠦᠮᠡᠨ ᠭᠡᠷ ᠤᠨ ᠡᠭᠦᠳᠡᠨ ᠳᠡᠭᠡᠨ ᠲᠤᠰᠬᠠᠶ ᠮᠡᠷᠭᠡᠵᠢᠯᠲᠡᠨ ᠤ ᠰᠢᠯᠢᠳᠡᠭ ᠣᠨᠣᠰᠢᠯᠠᠨ | ᠡᠮᠨᠡᠬᠦ ᠦᠢᠯᠡᠴᠢᠯᠡᠭᠡ ᠬᠦᠷᠲᠡᠵᠦ᠂ ᠪᠣᠳᠠᠲᠤ ᠬᠡᠷᠡᠭᠯᠡᠭᠡᠨ ᠤ ᠬᠢᠲᠠᠳ ᠮᠣᠩᠭᠤᠯ ᠡᠮ ᠡᠮᠨᠡᠯᠭᠡ ᠶᠢᠨ ᠮᠡᠳᠡᠯᠭᠡ ᠶᠢ | ᠣᠶᠢᠯᠠᠭᠠᠵᠤ᠂ ᠣᠯᠠᠨ ᠤ ᠬᠠᠯᠠᠭᠤᠨ ᠬᠦᠷᠢᠶᠡᠯᠡᠯ ᠪᠠ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ | ᠪᠠᠶᠢᠨ᠎ᠠ᠃ | 3 ᠰᠠᠷ᠎ᠠ ᠶᠢᠨ 21 ᠡᠳᠦᠷ ᠤᠨ ᠦᠳᠡ ᠶᠢᠨ ᠡᠮᠦᠨ᠎ᠡ ᠲᠤᠰ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ | ᠰᠠᠯᠠᠭ᠎ᠠ ᠮᠥᠴᠢᠷ ᠲᠤ ᠳ᠋ᠤᠭᠠᠷᠯᠠᠬᠤ ᠰᠦᠢᠳᠬᠡᠯ ᠦᠯᠦ ᠬᠤᠷᠢᠶᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠵᠦ᠃ ᠡᠨᠡ ᠬᠤᠭᠤᠴᠠᠭᠠᠨ ᠳᠤ᠂ ᠡᠪᠡᠳᠴᠢᠨ ᠦᠵᠡᠭᠦᠯᠬᠦ ᠪᠠᠷ ᠢᠷᠡᠭᠰᠡᠨ ᠡᠪᠡᠳᠴᠢᠲᠡᠨ ᠡᠯ᠎ᠡ ᠰᠠᠯᠠᠭ᠎ᠠ | ᠲᠠᠰᠤᠭ ᠲᠤ ᠡᠮᠬᠢ ᠵᠢᠷᠤᠮ ᠲᠠᠢ ᠪᠠᠷ ᠮᠥᠷᠯᠡᠨ ᠬᠦᠯᠢᠶᠡᠵᠦ᠂ ᠡᠯ᠎ᠡ ᠡᠮᠴᠢᠯᠡᠭᠡᠨ ᠤ ᠲᠠᠰᠤᠭ ᠤᠨ ᠡᠮᠴᠢ | ᠡᠪᠡᠳᠴᠢᠲᠡᠨ ᠢ ᠬᠠᠯᠠᠭᠤᠨ ᠢᠶᠠᠷ ᠬᠦᠯᠢᠶᠡᠨ ᠠᠪᠴᠤ᠂ ᠡᠪᠡᠳᠴᠢᠨ ᠤ ᠲᠡᠦᠬᠡ ᠶᠢ ᠨᠠᠷᠢᠨ ᠠᠰᠠᠭᠤᠵᠤ᠂ ᠪᠡᠶ᠎ᠡ ᠶᠢᠨ | ᠪᠠᠶᠢᠴᠠᠭᠠᠯᠲᠠ ᠶᠢ ᠨᠠᠷᠢᠨ ᠬᠢᠨᠠᠮᠠᠭᠠᠢ ᠬᠢᠵᠦ᠂ ᠡᠪᠡᠳᠴᠢᠲᠡᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠥᠪᠡᠷᠮᠢᠴᠡ | ᠡᠮᠴᠢᠯᠡᠭᠡᠨ ᠤ ᠲᠥᠰᠦᠯ ᠢ ᠲᠣᠭᠲᠠᠭᠠᠪᠠ᠃ ᠡᠭᠦᠨ ᠤ ᠬᠠᠮᠲᠤ ᠡᠭᠦᠳᠡᠨ ᠡᠮᠨᠡᠯᠭᠡ ᠶᠢᠨ ᠲᠢᠩᠬᠢᠮ ᠳᠤ ᠬᠢᠲᠠᠳ | ᠮᠣᠩᠭᠤᠯ ᠡᠮ ᠡᠮᠨᠡᠯᠭᠡ ᠶᠢᠨ ᠰᠣᠶᠣᠯ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠵᠦ᠂ ᠮᠠᠨ ᠤ ᠬᠤᠷᠢᠶᠠᠨ ᠤ | ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠶᠠᠪᠤᠴᠠ᠂ ᠥᠪᠡᠷᠮᠢᠴᠡ ᠡᠮᠴᠢᠯᠡᠭᠡ ᠵᠡᠷᠭᠡ ᠶᠢ ᠳᠡᠯᠭᠡᠨ | ᠦᠵᠡᠭᠦᠯᠵᠦ᠂ ᠮᠠᠰᠢ ᠣᠯᠠᠨ ᠡᠪᠡᠳᠴᠢᠲᠡᠨ ᠢ ᠲᠠᠲᠠᠵᠤ ᠰᠣᠨᠢᠷᠬᠠᠭᠤᠯᠪᠠ᠃ | ᠲᠣᠰ ᠤᠳᠠᠭᠠᠨ ᠤ ᠠᠵᠢᠯᠯᠠᠭ᠎ᠠ ᠳᠤ᠂ ᠬᠥᠳᠡᠭᠡ ᠪᠠᠭᠤᠵᠤ ᠠᠯᠪᠠᠨ ᠵᠢᠷᠤᠮ ᠤᠨ ᠡᠮᠴᠢᠯᠡᠭᠡ 140 ᠭᠠᠷᠤᠢ | ᠬᠥᠮᠥᠨ ᠤᠳᠠᠭ᠎ᠠ ᠬᠦᠷᠴᠦ᠂ ᠲᠣᠰ ᠡᠮᠨᠡᠯᠭᠡ ᠶᠢᠨ ᠬᠡᠯᠲᠡᠰ ᠠᠴᠠ ᠳ᠋ᠤᠭᠠᠷᠯᠠᠬᠤ ᠰᠦᠢᠳᠬᠡᠯ ᠬᠤᠷᠢᠶᠠᠬᠤ ᠦᠭᠡᠢ ᠪᠠᠷ | 260 ᠭᠠᠷᠤᠢ ᠬᠥᠮᠥᠨ ᠤᠳᠠᠭ᠎ᠠ ᠡᠮᠴᠢᠯᠡᠭᠡ ᠬᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠤᠬᠠᠭᠤᠯᠭ᠎ᠠ ᠶᠢᠨ | ᠮᠠᠲ᠋ᠧᠷᠢᠶᠠᠯ ᠢ ᠨᠡᠶᠢᠲᠡ 750 ᠰᠢᠬᠠᠮ ᠬᠤᠪᠢ ᠲᠠᠷᠬᠠᠭᠠᠵᠤ᠂ 800 ᠭᠠᠷᠤᠢ ᠬᠥᠮᠥᠨ ᠠᠰᠢᠭ ᠬᠦᠷᠲᠡᠵᠦ᠂ ᠣᠯᠠᠨ | ᠲᠦᠮᠡᠨ ᠤ ᠬᠢᠲᠠᠳ ᠮᠣᠩᠭᠤᠯ ᠡᠮ ᠡᠮᠨᠡᠯᠭᠡ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠶᠡᠭᠡ ᠪᠠᠷ | ᠭᠦᠨᠵᠡᠭᠡᠶᠢᠷᠡᠭᠦᠯᠵᠦ᠂ ᠥᠷᠭᠡᠨ ᠣᠯᠠᠨ ᠲᠦᠮᠡᠨ ᠳᠤ ᠳᠥᠭᠦᠮ ᠳᠥᠲᠡ᠂ ᠰᠢᠯᠢᠳᠡᠭ ᠡᠮᠴᠢᠯᠡᠭᠡᠨ ᠤ ᠦᠢᠯᠡᠴᠢᠯᠡᠭᠡ | ᠬᠠᠩᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠ ᠥᠪᠡᠷᠮᠢᠴᠡ | ᠷᠢᠳᠢ ᠰᠢᠳᠢ ᠶᠢ ᠨᠡᠩ ᠣᠯᠠᠨ ᠬᠥᠮᠥᠨ ᠳᠤ ᠣᠶᠢᠯᠠᠭᠠᠭᠤᠯᠪᠠ᠃ ᠬᠤᠶᠢᠰᠢᠳᠠ ᠮᠠᠨ ᠤ ᠬᠤᠷᠢᠶ᠎ᠠ ᠡᠶᠢᠮᠦᠷᠬᠦ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠬᠢᠲᠠᠳ | ᠮᠣᠩᠭᠤᠯ ᠡᠮ ᠡᠮᠨᠡᠯᠭᠡ ᠶᠢᠨ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ | ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠤᠯᠤᠰ ᠤᠨ ᠡᠮᠴᠢᠯᠡᠭᠡ ᠶᠢᠨ ᠪᠠᠶᠠᠷ ᠪᠣᠯ ᠬᠠᠭᠤᠴᠢᠨ ᠡᠮ ᠡᠮᠨᠡᠯᠭᠡ ᠶᠢ ᠦᠭᠡᠶᠢᠰᠬᠡᠬᠦ ᠵᠢᠴᠢ ᠬᠢᠲᠠᠳ ᠡᠮ | ᠡᠮᠨᠡᠯᠭᠡ ᠶᠢ ᠪᠦᠬᠦ ᠲᠠᠯ᠎ᠠ ᠪᠠᠷ ᠦᠭᠡᠶᠢᠰᠬᠡᠬᠦ ᠢᠯᠠᠯᠲᠠ ᠶᠢ ᠳᠤᠷᠠᠰᠬᠠᠬᠤ ᠶᠢᠨ ᠲᠥᠯᠥᠭᠡ ᠶᠤᠮ᠂ ᠲᠡᠷᠡᠴᠢᠯᠡᠨ ᠬᠢᠲᠠᠳ | ᠡᠮ ᠡᠮᠨᠡᠯᠭᠡ ᠬᠢᠲᠠᠳ ᠡᠮ ᠡᠮᠨᠡᠯᠭᠡ ᠶᠢ ᠳᠤᠮᠳᠠᠳᠤ ᠤᠯᠤᠰ ᠴᠢᠨᠠᠭᠰᠢᠯᠠᠪᠠᠯ ᠪᠦᠬᠦ ᠳᠡᠯᠡᠬᠡᠶ ᠳᠤ ᠪᠠᠳᠠᠷᠠᠭᠤᠯᠤᠨ | ᠭᠤᠸᠠᠩ ᠳ᠋ᠠ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠬᠦ ᠶᠢᠨ ᠲᠥᠯᠥᠭᠡ ᠲᠣᠭᠲᠠᠭᠠᠭᠰᠠᠨ ᠪᠠᠶᠠᠷ ᠤᠨ ᠡᠳᠦᠷ | ︵ᠵᠢᠯ ᠪᠦᠷᠢ ᠶᠢᠨ 3 ᠰᠠᠷ᠎ᠠ ᠶᠢᠨ 17 ᠤ ᠡᠳᠦᠷ︶ ᠪᠣᠯᠬᠤ ᠶᠢ ᠬᠦᠰᠡᠵᠦ ᠪᠠᠶᠢᠨ᠎ᠠ᠃ |