ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 84 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/2
   2 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 84 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠬᠥᠭᠵᠢᠯᠲᠡ ᠳᠤᠮᠳᠠᠬᠢ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠢᠯᠢᠳᠡᠭ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠨᠡᠨ ᠬᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠠᠰᠠᠭᠤᠳᠠᠯ ᠢ ᠴᠤᠬᠴᠠᠵᠢᠭᠤᠯᠤᠨ ᠠᠬᠢᠭᠤᠯᠵᠤ᠂ ᠭᠤᠣᠯᠳᠠᠯᠭ᠎ᠠ ᠶᠢ ᠤᠷᠢᠳᠴᠢᠯᠠᠨ ᠲᠥᠯᠥᠪᠵᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠡᠶᠡᠯᠡᠭᠦᠯᠵᠦ᠂ ᠣᠷᠣᠨ ᠪᠦᠰᠡ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠬᠡᠷᠡᠭᠲᠡᠢ᠃ ᠺᠠᠳ᠋ᠷ ᠤᠨ ᠪᠠᠭᠤᠷᠠᠯᠲᠠ ᠶᠢ ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠦᠳᠬᠡᠨ ᠵᠠᠭᠠᠯᠳᠤᠵᠤ ᠭᠦᠵᠢᠷᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠯᠠᠪᠳᠠᠭᠤᠨ ᠪᠠᠲᠤᠲᠠᠢ ᠠᠵᠢᠯᠯᠠᠵᠤ ᠪᠠᠶᠢᠭ᠎ᠠ ᠺᠠᠳ᠋ᠷᠴᠤᠳ ᠲᠤ ᠲᠦᠰᠢᠭ ᠪᠤᠯᠵᠤ ᠡᠷᠴᠢ ᠵᠣᠷᠢᠭ ᠢᠶᠠᠨ ᠬᠥᠪᠴᠢᠯᠡᠬᠦ ᠬᠡᠷᠡᠭᠲᠡᠢ᠃   ᠺᠠᠳ᠋ᠷ ᠤᠨ ᠪᠠᠭᠤᠷᠠᠯᠲᠠ ᠶᠢ ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠺᠠᠳ᠋ᠷ ᠤᠨ ᠬᠡᠪᠳᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠦᠳᠬᠡᠨ ᠵᠠᠭᠠᠯᠳᠤᠵᠤ ᠭᠦᠵᠢᠷᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠯᠠᠪᠳᠠᠭᠤᠨ ᠪᠠᠲᠤᠲᠠᠢ ᠠᠵᠢᠯᠯᠠᠵᠤ ᠪᠠᠶᠢᠭ᠎ᠠ ᠺᠠᠳ᠋ᠷᠴᠤᠳ ᠲᠤ ᠲᠦᠰᠢᠭ ᠪᠤᠯᠵᠤ ᠡᠷᠴᠢ ᠵᠣᠷᠢᠭ ᠢᠶᠠᠨ ᠬᠥᠪᠴᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠱᠠᠲᠤ ᠦᠶ᠎ᠡ ᠶᠢᠨ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠠᠰᠠᠭᠤᠳᠠᠯ ᠢ ᠦᠷᠭᠦᠯᠵᠢᠯᠡᠨ ᠳᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠠᠰᠠᠭᠤᠳᠠᠯ ᠳᠤ ︽ᠪᠤᠴᠠᠵᠤ ᠪᠠᠶᠢᠴᠠᠭᠠᠨ ᠦᠵᠡᠬᠦ︾ ᠠᠵᠢᠯ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠡᠯ᠎ᠡ ᠵᠦᠢᠯ ᠤᠨ ᠠᠰᠠᠭᠤᠳᠠᠯ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠬᠠᠪᠤᠷ ᠤᠨ ᠴᠠᠭ ᠢ ᠠᠮᠵᠢᠨ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠦᠳᠲᠡᠷ ᠲᠦᠷᠭᠡᠨ ᠰᠠᠶᠢᠲᠤᠷ ᠬᠢᠵᠦ᠂ ᠪᠡᠶ᠎ᠡ ᠪᠠᠷ ᠢᠶᠠᠨ ᠰᠤᠳᠤᠯᠤᠨ ᠱᠠᠯᠠᠪᠳᠠᠭᠤᠯᠤᠨ ᠰᠢᠢᠳᠪᠦᠷᠢᠯᠡᠵᠦ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   ᠬᠡᠰᠡᠭ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号