ᠵᠣᠣ ᠶᠠᠨ ᠬᠤᠩ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/21
   3 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃   ᠬᠤᠷᠠᠯ ᠠᠴᠠ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠭᠰᠡᠨ ᠪᠥᠭᠡᠳ 2025 ᠣᠨ ᠤ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃   ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠨᠠᠷᠢᠨ ᠨᠢᠮᠪᠠᠶ ᠵᠣᠬᠢᠶᠠᠨ ᠪᠠᠶᠢᠭᠤᠯᠤᠨ ᠠᠬᠢᠭᠤᠯᠬᠤ ᠬᠡᠷᠡᠭᠲᠡᠶ᠃ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠨ᠂ ᠨᠢᠭᠡ ᠪᠦᠯᠦᠭ ᠳᠤᠲᠠᠭᠤᠳᠠᠯ ᠢ ᠦᠨᠡᠨ ᠬᠦ ᠪᠥᠭᠯᠡᠵᠦ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠬᠦ ᠳᠤ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠪᠣᠯᠵᠣ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠦᠨ ᠵᠢᠯᠣᠭᠤᠳᠴᠤ ᠪᠠᠶᠢᠭᠠᠳ ᠦᠳᠲᠡᠷ ᠲᠦᠷᠭᠡᠨ ᠰᠤᠷᠤᠯᠴᠠᠯᠭ᠎ᠠ ᠶᠢᠨ ᠪᠠᠶᠢᠳᠠᠯ ᠳᠤ ᠣᠷᠣᠭᠤᠯᠵᠤ᠂ ᠰᠤᠷᠤᠯᠴᠠᠯᠭ᠎ᠠ ᠬᠥᠮᠦᠵᠢᠯ ᠤᠨ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠶ᠃   ᠬᠤᠷᠠᠯ ᠠᠴᠠ ᠪᠠᠰᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃   ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠶ ᠯᠢᠩ᠂ ᠲᠤᠤ ᠮᠧᠩ ᠬᠤᠩ᠂ ᠯᠢᠦ ᠬᠠᠶ ᠮᠧᠶ᠂ ᠪᠠᠶ ᠶᠦᠩ ᠬᠤᠸᠠ᠂ ᠯᠢᠦᠶ ᠬᠠᠶ ᠳ᠋ᠦᠩ᠂ ᠵᠠᠩ ᠶᠦᠩ ᠴᠢᠶᠣᠤ ᠬᠤᠷᠠᠯ ᠳᠤ ᠣᠷᠣᠯᠴᠠᠵᠠᠶ᠃ ᠬᠤᠰᠢᠭᠤᠨ ᠲᠠᠰ ᠤᠨ ᠤᠳᠤᠷᠢᠳᠤᠯᠭ᠎ᠠ ᠮᠠ ᠵᠢᠩ ᠬᠤᠸᠠ᠂ ᠵᠠᠩ ᠬᠤᠸᠠ᠂ ᠸᠠᠩ ᠯᠢ ᠭᠦᠸᠧ᠂ ᠵᠠᠩ ᠵᠢᠶ ᠲᠤᠤ᠂ ᠱᠢ ᡁᠢ ᠯᠢᠶᠠᠩ᠂ ᠮᠧᠩ ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ᠂ ᠭᠧᠩ ᠯᠢ ᠵᠢᠶᠦ᠋ᠨ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号