3 ᠰᠠᠷ᠎ᠠ ᠶᠢᠨ 24 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠪᠠᠶ ᠯᠢᠩ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠬᠦᠷᠴᠦ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠬᠥᠲᠥᠯᠦᠮᠵᠢ | ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠠᠵᠢᠯᠯᠠᠭ᠎ᠠ ᠶᠢ ᠪᠠᠶᠢᠴᠠᠭᠠᠨ ᠰᠤᠳᠤᠯᠪᠠ᠃ | ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠢᠦᠶ ᠬᠤᠸᠠ ᠶᠠᠨ᠂ ᠵᠤᠸᠠᠩ ᠸᠧᠨ ᠳ᠋ᠢ᠂ ᠭᠧᠩ ᠯᠢ | ᠵᠢᠶᠦ᠋ᠨ᠂ ᠸᠠᠩ ᠹᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ | ᠪᠣᠯᠪᠠ᠃ | ᠪᠠᠶ ᠯᠢᠩ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ | ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠨᠠᠷᠢᠨ ᠬᠢᠨᠠᠮᠠᠭᠠᠶ ᠰᠣᠨᠣᠰᠴᠤ᠂ ᠳᠠᠷᠠᠭ᠎ᠠ ᠨᠢ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ | ᠬᠥᠲᠥᠯᠦᠮᠵᠢ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠠᠵᠢᠯᠯᠠᠭ᠎ᠠ ᠶᠢᠨ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ | ᠲᠤᠰᠬᠠᠶ ᠰᠡᠳᠦᠪ ᠢᠶᠠᠷ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠪᠠᠢ ᠯᠢᠩ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ | ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠠᠯᠢᠪᠠ ᠪᠦᠬᠦᠨ ᠳᠤ ᠲᠦᠷᠦᠯ ᠵᠦᠢᠯ ᠤᠨ ᠲᠣᠭᠤᠷᠢᠨ ᠳᠤ ᠰᠢᠯᠵᠢᠬᠦ᠂ ᠠᠯᠢᠪᠠ | ᠪᠦᠬᠦᠨ ᠳᠤ ᠲᠦᠷᠦᠯ ᠵᠦᠢᠯ ᠤᠨ ᠲᠣᠭᠤᠷᠢᠨ ᠳᠤ ᠠᠵᠢᠯᠯᠠᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ ᠶᠢ ᠴᠢᠩᠭ᠎ᠠ | ᠠᠩᠬᠠᠷᠴᠤ᠂ ᠬᠦᠴᠦᠯᠡᠨ ᠰᠢᠪᠲᠤᠯᠤᠯᠲᠠ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠵᠦ᠂ ᠠᠩᠬᠠᠨ ᠤ ᠤᠯᠠᠷᠢᠯ ᠤᠨ ︽ᠰᠠᠶᠢᠨ | ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠵᠢᠯᠣᠭᠤᠳᠤᠮᠵᠢ ᠶᠢᠨ | ᠠᠵᠢᠯᠯᠠᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠲᠥᠯᠥᠪᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠴᠢᠩᠭ᠎ᠠ ᠠᠩᠬᠠᠷᠴᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠡᠷᠲᠡ | ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ | ᠠᠷᠠᠯᠵᠢᠶᠠᠴᠢᠨ ᠤᠷᠢᠬᠤ ᠦᠵᠡᠯᠲᠡ ᠪᠠᠨ ᠴᠢᠨᠠᠭᠰᠢᠳᠠ ᠬᠤᠪᠢᠷᠠᠭᠤᠯᠵᠤ᠂ ᠠᠷᠠᠯᠵᠢᠶᠠᠴᠢᠨ ᠤᠷᠢᠬᠤ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠵᠦ᠂ | ᠦᠷᠭᠦᠯᠵᠢᠯᠡᠨ ᠰᠢᠨ᠎ᠡ ᠪᠠᠷ ᠰᠢᠯᠢᠳᠡᠭ ᠢ ᠡᠯᠰᠡᠵᠦ᠂ ᠶᠡᠭᠡ ᠪᠠᠷ ᠬᠦᠴᠦᠷᠬᠡᠭ ᠢ ᠲᠠᠲᠠᠵᠤ᠂ ᠭᠤᠣᠯᠯᠠᠬᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠷᠭᠡᠨ | ᠠᠬᠢᠭᠤᠯᠵᠤ᠂ ᠴᠠᠶᠢᠷ ᠤᠨ ᠢᠶᠣᠨ ᠤ ᠡᠨᠧᠷᠭᠢ ᠬᠠᠳᠠᠭᠠᠯᠠᠬᠤ ᠳ᠋ᠢᠶᠠᠨ ᡂᠢ᠂ ᠵᠦᠩ ᠯᠢᠶᠠᠨ ᠬᠦᠢᠳᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠹᠧᠩ ᠾᠦᠸᠧ ᠨᠧᠩ ᠬᠡᠳᠦ ᠪᠤᠳᠤᠯᠭ᠎ᠠ ᠶᠢᠨ ᠲᠥᠪ ᠵᠡᠷᠭᠡ ᠲᠦᠷᠦᠯ | ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠠᠢ᠃ |