3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠯᠢᠩ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ︽ᠬᠠᠷᠠᠴᠢᠨ ᠬᠤᠰᠢᠭᠤᠨ ᠤ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠬᠠᠷᠠᠴᠢᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠤᠨ ᠢᠳᠡᠭᠡᠨ ᠤᠮᠳᠠᠭᠠᠨ ᠤ ᠵᠠᠷᠤᠳᠠᠯ ᠤᠨ | ᠬᠠᠮᠢᠶᠠᠷᠤᠯᠲᠠ ᠶᠢᠨ ᠲᠤᠰᠬᠠᠢ ᠠᠵᠢᠯ ᠤᠨ ᠲᠣᠭᠲᠠᠴᠠ︾ ᠶᠢ ᠬᠢᠨᠠᠨ ᠵᠥᠪᠯᠡᠵᠦ᠂ ᠪᠦᠬᠦ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠢ ᠡᠪᠳᠡᠭᠰᠡᠨ ᠬᠡᠷᠡᠭ ᠢ ᠰᠢᠢᠳᠪᠦᠷᠢᠯᠡᠭᠰᠡᠨ ᠠᠬᠢᠴᠠ᠂ 2024 ᠣᠨ ᠤ ᠬᠠᠤᠯᠢᠵᠢᠯ ᠤᠨ | ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ | ᠡᠷᠡᠭᠦᠦ ᠰᠢᠳᠬᠡᠯ ᠢ ᠵᠣᠯᠭᠠᠭᠤᠯᠬᠤ ᠵᠡᠷᠭᠡ ᠲᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠦᠨᠡᠨᠬᠦ ᠪᠠᠬᠢᠵᠢᠭᠦᠯᠬᠦ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠬᠠᠤᠯᠢ | ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠲᠦᠷᠭᠡᠨ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ | ᠬᠠᠤᠯᠢ ᠶᠣᠰᠣᠭᠠᠷ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ | ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠳᠡᠭᠡᠨ ᠤ ᠮᠠᠲ᠋ᠧᠷᠢᠶᠠᠯ ᠢ | ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠵᠦ ᠬᠠᠳᠠᠭᠠᠯᠠᠬᠤ᠂ ᠪᠡᠯᠡᠳᠬᠡᠮᠵᠢ ᠲᠥᠬᠦᠭᠡᠷᠦᠮᠵᠢ᠂ ᠡᠳ᠋ᠰᠢᠭᠦᠯᠦᠨ | ᠦᠢᠯᠡᠳᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤᠮᠳᠠᠭᠠᠨ ᠤ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠤᠨ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠶ ᠭᠡᠵᠠᠢ᠃ | ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ᠂ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ | ᠰᠤᠳᠤᠯᠤᠨ ᠬᠢᠨᠠᠨ ᠵᠥᠪᠯᠡᠪᠡ᠃ | ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠱᠢ ᡁᠢ ᠯᠢᠶᠠᠩ᠂ ᠮᠧᠩ ᠹᠠᠨ ᡂᠢ᠂ ᠢᠦᠶ ᠬᠤᠸᠠ | ᠶᠠᠨ᠂ ᠵᠤᠸᠠᠩ ᠸᠧᠨ ᠳ᠋ᠢ᠂ ᠭᠧᠩ ᠯᠢ ᠵᠢᠶᠦ᠋ᠨ᠂ ᠸᠠᠩ ᠹᠸᠢ ᠬᠤᠷᠠᠯ ᠳᠤ ᠣᠷᠣᠯᠴᠠᠵᠤ᠂ ᠵᠧᠩ ᠰᠢᠶᠠᠨ ᠬᠤᠶ᠂ | ᠵᠣᠣ ᠵᠢᠩ ᠴᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ | ᠰᠤᠯᠠ ᠣᠷᠣᠯᠴᠠᠵᠠᠶ᠃ | |