ᠬᠠᠷᠠᠴᠢᠨ ᠬᠤᠰᠢᠭᠤᠨ ᠤ ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/8
   3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠯᠢᠩ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠷᠠᠴᠢᠨ ᠬᠤᠰᠢᠭᠤᠨ ᠤ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠬᠠᠷᠠᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠤᠨ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠤᠰᠬᠠᠢ ᠠᠵᠢᠯ ᠤᠨ ᠲᠣᠭᠲᠠᠴᠠ︾ ᠶᠢ ᠬᠢᠨᠠᠨ ᠵᠥᠪᠯᠡᠵᠦ᠂ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠬᠡᠷᠡᠭ ᠢ ᠰᠢᠢᠳᠪᠦᠷᠢᠯᠡᠭᠰᠡᠨ ᠠᠬᠢᠴᠠ᠂ 2024 ᠣᠨ ᠤ ᠬᠠᠤᠯᠢᠵᠢᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠡᠷᠡᠭᠦᠦ ᠰᠢᠳᠬᠡᠯ ᠢ ᠵᠣᠯᠭᠠᠭᠤᠯᠬᠤ ᠵᠡᠷᠭᠡ ᠲᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠲᠦᠷᠭᠡᠨ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠵᠦ ᠬᠠᠳᠠᠭᠠᠯᠠᠬᠤ᠂ ᠪᠡᠯᠡᠳᠬᠡᠮᠵᠢ ᠲᠥᠬᠦᠭᠡᠷᠦᠮᠵᠢ᠂ ᠡᠳ᠋ᠰᠢᠭᠦᠯᠦᠨ ᠦᠢᠯᠡᠳᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤᠮᠳᠠᠭᠠᠨ ᠤ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠶ ᠭᠡᠵᠠᠢ᠃   ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ᠂ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠰᠤᠳᠤᠯᠤᠨ ᠬᠢᠨᠠᠨ ᠵᠥᠪᠯᠡᠪᠡ᠃   ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠱᠢ ᡁᠢ ᠯᠢᠶᠠᠩ᠂ ᠮᠧᠩ ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ᠂ ᠭᠧᠩ ᠯᠢ ᠵᠢᠶᠦ᠋ᠨ᠂ ᠸᠠᠩ ᠹᠸᠢ ᠬᠤᠷᠠᠯ ᠳᠤ ᠣᠷᠣᠯᠴᠠᠵᠤ᠂ ᠵᠧᠩ ᠰᠢᠶᠠᠨ ᠬᠤᠶ᠂ ᠵᠣᠣ ᠵᠢᠩ ᠴᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号