ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 87 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
   4 ᠰᠠᠷ᠎ᠠ ᠶᠢᠨ 18 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 87 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠯᠢ ᠰᠢ ᠨᠥᠬᠦᠷ ᠤᠨ ︽ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ ᠬᠠᠤᠯᠢᠵᠢᠯᠳᠠ ᠶᠢᠨ ᠵᠢᠩᠬᠢᠨᠢᠴᠢᠯᠠᠯᠳᠠ ᠶᠢᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠷᠠᠴᠢᠨ ᠬᠤᠰᠢᠭᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠂ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠷᠠᠴᠢᠨ ᠬᠤᠰᠢᠭᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠵᠢᠴᠢ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃   ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ︽ᠠᠵᠤ ᠦᠢᠯᠡᠳᠪᠦᠷᠢᠵᠢᠯᠳᠡ︾ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠬᠡᠪ ᠰᠤᠷᠲᠠᠯ ᠰᠢᠯᠢᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ︽ᠲᠦᠷᠦᠯ ᠵᠦᠢᠯᠴᠢᠯᠡᠬᠦ︾ ᠪᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠠᠬᠢᠭᠤᠯᠬᠤ ᠬᠡᠷᠡᠭᠲᠡᠢ᠃ 2025 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠤᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠨᠢᠭᠡ ᠬᠡᠷᠡᠭ ᠲᠤ ᠨᠢᠭᠡ ᠠᠷᠭ᠎ᠠ ᠪᠤᠳᠤᠯᠭ᠎ᠠ︾᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠡᠷᠡᠯᠬᠡᠭᠯᠡᠨ ᠲᠡᠮᠡᠴᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ ᠬᠠᠷᠢᠭᠤᠴᠠᠯᠭᠠᠲᠠᠨ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号