ᠬᠠᠷᠠᠴᠢᠨ ᠬᠤᠰᠢᠭᠤᠨ ᠤ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/21
  4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠯᠢᠩ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ᠂ ᠶᠡᠷᠦᠩᠬᠡᠶ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠳᠡᠭᠡᠷᠡᠬᠢ ᠶᠠᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠷᠠᠴᠢᠨ ᠬᠤᠰᠢᠭᠤᠨ ᠤ ︿ᠵᠢᠷᠭᠤᠭᠠᠨ ᠠᠵᠢᠯᠯᠠᠭ᠎ᠠ﹀ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ᠪᠥᠬᠦ ᠬᠤᠰᠢᠭᠤᠨ ᠤ ︽ᠠᠷᠪᠠᠨ ᠶᠡᠭᠡ ᠠᠵᠢᠯᠯᠠᠭ᠎ᠠ︾᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠠᠬᠢᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠡᠳ᠋ ᠤᠨ ᠵᠠᠰᠠᠭ ᠤᠨ ᠲᠥᠰᠦᠪ ᠨᠡᠮᠡᠬᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠷᠦᠶ ᠬᠤᠷᠤᠶ ᠥᠬᠡᠶ ᠦᠵᠡᠭᠳᠡᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠪᠤᠶᠢᠮ᠎ᠠ ᠠᠰᠠᠭᠤᠳᠠᠯ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ᠂ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ︽ᠳᠥᠷᠪᠡᠨ ᠨᠢᠭᠡ ᠪᠦᠯᠦᠭ︾ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃  ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠣᠷᠭᠠᠨᠢᠭ ᠢᠶᠠᠷ ᠤᠶᠠᠯᠳᠤᠭᠤᠯᠵᠤ᠂ ᠬᠠᠷᠠᠯᠲᠠ ᠠᠷᠭ᠎ᠠ ᠬᠡᠮᠵᠢᠶ᠎ᠡ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠦᠷᠭᠦᠯᠵᠢᠯᠡᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠥᠪᠡᠷᠮᠢᠴᠡ ᠣᠨᠴᠠᠯᠢᠭ ᠲᠠᠢ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠪᠣᠯᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠣᠶ ᠪᠣᠯᠭᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ︽ᠪᠦᠯᠦᠭᠯᠡᠨ ᠢᠯᠵᠠᠷᠠᠭᠤᠯᠬᠤ︾ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ᠂ ᠲᠦᠷᠢᠮ ᠤᠨ ᠳᠤᠲᠠᠭᠤᠳᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ ᠡᠷᠢᠵᠦ᠂ ᠢᠯᠵᠠᠷᠠᠯ ᠤᠨ ᠵᠠᠰᠠᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠦᠢᠯᠡᠴᠢᠯᠡᠭᠡ ᠶᠢ ᠵᠢᠷᠤᠮᠵᠢᠭᠤᠯᠤᠨ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠰᠢᠷᠣᠶ ᠲᠠᠲᠠᠪᠤᠷᠢᠯᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠢ ᠡᠷᠲᠡ ᠪᠠᠷᠢᠯᠭ᠎ᠠ ᠪᠠᠷᠢᠬᠤ᠂ ᠡᠷᠲᠡ ᠪᠠᠶᠢᠭᠤᠯᠵᠤ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠪᠰᠤᠷᠤᠨ ᠲᠡᠳᠬᠦᠬᠦ ᠠᠵᠤ ᠦᠢᠯᠡᠰ ᠤᠨ ᠲᠥᠷᠥᠯ ᠵᠦᠢᠯ ᠪᠠ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠲᠥᠷᠥᠯ ᠵᠦᠢᠯ ᠤᠨ ᠡᠷᠬᠡ ᠶᠢᠨ ᠬᠠᠷᠢᠶ᠎ᠠ ᠪᠠ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠲᠣᠭᠲᠠᠭᠤᠨ ᠰᠠᠶᠢᠨ ᠰᠠᠶᠢᠬᠠᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ᠃  ᠬᠤᠷᠠᠯ ᠠᠴᠠ ᠡᠮᠦᠨ᠎ᠡ᠂ ᠪᠠᠶ ᠯᠢᠩ 2025 ᠣᠨ ᠤ ᠳᠥᠷᠪᠡᠳᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪᠯᠡᠷᠡᠭᠦᠯᠦᠨ ᠰᠤᠷᠤᠯᠴᠠᠵᠤ᠂ ︽ᠭᠤᠷᠪᠠᠨ ᠴᠢᠬᠤᠯᠠ ᠨᠢᠭᠡ ᠬᠦᠨᠳᠦ︾ ᠵᠦᠢᠯᠡᠰ ᠢ ᠰᠤᠳᠤᠯᠤᠨ ᠬᠢᠨᠠᠨ ᠵᠥᠪᠯᠡᠪᠡ᠃   ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠱᠢ ᡁᠢ ᠯᠢᠶᠠᠩ᠂ ᠮᠧᠩ ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ᠂ ᠭᠧᠩ ᠯᠢ ᠵᠢᠶᠦ᠋ᠨ᠂ ᠸᠠᠩ ᠹᠸᠢ ᠬᠤᠷᠠᠯ ᠳᠤ ᠣᠷᠣᠯᠴᠠᠵᠤ᠂ ᠷᠦᠩ ᠰᠢ ᠹᠧᠩ᠂ ᠯᠢ ᠭᠤᠸᠠᠩ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号