ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠠᠷᠠᠳ ᠤᠨ ᠵᠥᠪᠯᠡᠯ ᠬᠠᠷᠠᠴᠢᠨ ᠬᠤᠰᠢᠭᠤᠨ ᠳᠤ ᠢᠷᠡᠵᠦ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/21
   4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠲᠡᠮᠦᠷ᠂ ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠲᠡᠮᠦᠷᠪᠠᠭᠠᠨ᠎ᠠ ᠬᠠᠷᠠᠴᠢᠨ ᠬᠤᠰᠢᠭᠤᠨ ᠳᠤ ᠬᠦᠷᠴᠦ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠯᠢ ᠭᠦᠸᠧ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠾᠧᠪᠸᠢ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠬᠤᠸᠠ ᠱᠠᠨ ᠨᠡᠶᠢᠭᠡᠮ ᠲᠣᠭᠤᠷᠢᠭ ᠪᠣᠯᠤᠨ ᠰᠢᠶᠠᠩ ᠶᠠᠩ ᠨᠡᠶᠢᠭᠡᠮ ᠲᠣᠭᠤᠷᠢᠭ ᠲᠤ ᠬᠦᠷᠴᠦ ᠰᠤᠷᠪᠤᠯᠵᠢᠯᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠶᠢᠨ ᠭᠤᠤᠯ ᠠᠷᠭ᠎ᠠ ᠬᠢᠳᠡᠯ ᠵᠢᠴᠢ ᠬᠢᠷᠢ ᠪᠦᠲᠦᠮᠵᠢ ᠶᠢ ᠰᠣᠨᠣᠰᠪᠠ᠃ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ︔ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠵᠢᠴᠢ ᠤᠯᠠᠮᠵᠢᠯᠠᠯᠲᠤ ᠰᠣᠶᠣᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠬᠠᠷᠢᠯᠴᠠᠨ ᠠᠭᠤᠰᠤᠯᠴᠠᠭᠰᠠᠨ ᠨᠡᠶᠢᠭᠡᠮ ᠲᠣᠭᠤᠷᠢᠭ ᠢ ᠪᠠᠶᠢᠭᠤᠯᠬᠤ ᠶᠢ ᠵᠣᠷᠢᠭᠵᠢᠭᠤᠯᠵᠤ᠂ ᠦᠢᠯᠡᠳᠦᠯᠭᠡ ᠳᠤ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠪᠦᠯᠬᠦᠮᠳᠡᠨ ᠲᠡᠮᠡᠴᠡᠬᠦ ᠬᠠᠷᠠᠴᠢᠨ ᠢ ᠪᠠᠶᠢᠭᠤᠯᠬᠤ ᠳᠤ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号