4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠨᠢᠦ ᠵᠢᠶᠠ | ᠶᠢᠩᠽᠢ ᠪᠠᠯᠭᠠᠰᠤᠨ ᠳᠤ ᠬᠦᠷᠴᠦ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠪᠣᠯᠤᠨ ᠰᠢᠪᠡᠭᠡ ᠭᠤᠣᠯ ᠤᠨ ᠵᠠᠭᠤᠨ ᠺᠢᠯᠣᠮᠧᠳ᠋ᠷ ᠤᠨ ᠬᠥᠳᠡᠭᠡ ᠠᠵᠤ ᠠᠬᠤᠢ | ᠰᠣᠶᠣᠯ ᠵᠤᠭᠠᠴᠠᠯ ᠡᠷᠡᠭᠦᠯ ᠰᠠᠷᠠᠭᠤᠯ ᠪᠣᠬᠢᠷᠲᠤᠯ ᠦᠭᠡᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ | ᠶᠠᠷᠢᠯᠴᠠᠪᠠ᠃ ᠵᠤᠤ ᠶᠠᠨ ᠬᠤᠩ ᠤᠷᠢᠳ ᠬᠤᠵᠢᠳ ᠼᠠᠩ ᠵᠢᠶᠤᠤ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠡᠮ ᠤᠨ ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ | ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠵᠤ᠂ ᠾᠧ ᠮᠧᠢ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | ᠵᠤᠤ ᠶᠠᠨ ᠬᠤᠩ ᠵᠢᠭᠠᠵᠤ ᠭᠠᠷᠭᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠪᠠᠯᠭᠠᠰᠤ ᠲᠣᠰᠬᠤᠨ ᠬᠤᠶᠠᠷ | ᠱᠠᠲᠤᠨ ᠤ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ | ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮᠴᠢ ᠴᠢᠨᠠᠷ ᠢ ᠤᠯᠠᠮ ᠨᠢᠭᠡ ᠠᠯᠬᠤᠮ ᠳᠠᠪᠲᠠᠨ | ᠪᠣᠯᠪᠠᠰᠤᠷᠠᠭᠤᠯᠵᠤ᠂ ᠬᠡᠪ ᠴᠢᠨᠠᠷ ᠢ ᠳᠡᠭᠡᠭᠰᠢᠯᠡᠭᠦᠯᠵᠦ᠂ ᠰᠢᠯᠭᠠᠷᠠᠭᠰᠠᠨ ᠠᠵᠢᠯ ᠤᠨ ᠰᠤᠷᠲᠠᠯ ᠪᠣᠯᠤᠨ ᠴᠢᠳᠠᠪᠤᠷᠢ ᠪᠠᠷ | ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠴᠢᠬᠤᠯᠠ ᠪᠤᠰᠤ ᠬᠤᠷᠠᠯ᠂ ᠮᠡᠳᠡᠭᠦᠯᠦᠯᠲᠡ ᠶᠢᠨ ᠬᠦᠰᠦᠨᠦᠭᠲᠦ ᠶᠢ ᠴᠣᠮᠬᠠᠳᠬᠠᠵᠤ᠂ ᠦᠨᠳᠦᠰᠦᠨ ᠱᠠᠲᠤᠨ ᠤ | ᠺᠠᠳ᠋ᠷᠴᠤᠳ ᠢ ᠦᠨᠡᠨ ᠬᠦ ᠶᠠᠷᠰᠢᠭ ᠲᠦᠪᠡᠭᠲᠡᠢ ᠶᠠᠪᠤᠳᠠᠯ ᠠᠴᠠ ᠲᠠᠶᠢᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ | ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ | ᠵᠣᠣ ᠶᠠᠨ ᠬᠤᠩ ᠴᠢᠬᠤᠯᠠᠴᠢᠯᠠᠭᠰᠠᠨ ᠨᠢ᠂ ᠰᠢᠪᠡᠭᠡ ᠭᠤᠤᠯ ᠤᠨ ᠵᠠᠭᠤᠨ ᠺᠢᠯᠣᠮᠧᠳ᠋ᠷ ᠤᠨ ᠬᠥᠳᠡᠭᠡ ᠠᠵᠤ ᠠᠬᠤᠶ | ᠰᠣᠶᠣᠯ ᠵᠢᠭᠤᠯᠴᠢᠯᠠᠯ ᠡᠷᠡᠭᠦᠯ ᠮᠡᠨᠳᠦ ᠪᠣᠬᠢᠷᠲᠤᠯ ᠥᠬᠡᠶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠪᠣᠯ ᠨᠢᠭᠡᠨ ᠰᠢᠰᠲ᠋ᠧᠮᠲᠦ | ᠢᠨᠵᠧᠨᠧᠷᠢᠩ ᠮᠥᠨ᠂ ᠤᠯᠠᠭᠠᠨᠬᠠᠳᠠ ᠬᠤᠲᠠ ᠶᠢᠨ ᠭᠤᠤᠯ ᠬᠤᠲᠠ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠪᠦᠰᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠷᠬᠡᠪᠰᠢ | ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ︽ᠨᠢᠭᠡ ᠬᠥᠯᠭᠡ ᠰᠢᠲᠠᠷ᠎ᠠ︾ ᠶᠢᠨ | ᠰᠠᠭᠤᠷᠢᠯᠠᠵᠤ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠨᠢᠭᠡᠨᠲᠡ ᠲᠣᠭᠲᠠᠭᠠᠭᠰᠠᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠵᠢᠩᠬᠢᠨᠢ ᠡᠮ ᠤᠨ ᠮᠠᠲ᠋ᠧᠷᠢᠶᠠᠯ ᠤᠨ ᠲᠥᠪᠯᠡᠷᠡᠭᠦᠯᠦᠨ | ᠲᠠᠷᠬᠠᠭᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠮᠦᠨᠡᠬᠢ ᠬᠤᠭᠤᠴᠠᠭᠠᠨ ᠤ | ᠭᠠᠷᠳᠠᠮ ᠢ ᠬᠦᠢᠴᠡᠳᠬᠡᠬᠦ ᠶᠢ ᠲᠦᠷᠭᠡᠳᠬᠡᠨ᠂ ︽ᠰᠢᠨ᠎ᠡ ᠰᠣᠷᠭᠤᠭ ᠪᠤᠰᠤ︾ ᠡᠳ᠋ᠰᠢᠭᠦᠯᠬᠦ ᠬᠦᠷᠢᠶᠡᠯᠡᠩ ᠲᠣᠭᠤᠷᠢᠭ᠂ | ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠲᠥᠪ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠬᠡᠷᠡᠭᠵᠢᠭᠦᠯᠬᠦ ᠲᠥᠰᠦᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠲᠦᠷᠦᠯ ᠵᠦᠢᠯ ᠤᠨ ᠡᠷᠲᠡᠬᠡᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠢᠯᠠᠩᠭᠤᠶ᠎ᠠ ᠬᠤᠲᠠ | ᠬᠥᠳᠡᠭᠡ ᠶᠢᠨ ᠠᠭᠤᠯᠵᠠᠷ ᠬᠡᠰᠡᠭ ᠤᠨ ᠬᠠᠮᠢᠶᠠᠷᠤᠯᠲᠠ ᠶᠢᠨ ᠪᠠᠭᠤᠷᠠᠶ ᠣᠷᠣᠨ ᠪᠦᠰᠡ ᠳᠤ ᠴᠢᠭᠯᠡᠭᠦᠯᠦᠨ᠂ ᠬᠠᠮᠢᠶ᠎ᠠ | ᠪᠥᠬᠦᠶ ᠰᠠᠯᠠᠭ᠎ᠠ ᠮᠥᠴᠢᠷ᠂ ᠪᠠᠯᠭᠠᠰᠤ ᠲᠣᠰᠬᠤᠨ ᠤ ᠺᠠᠳ᠋ᠷ ᠵᠡᠷᠭᠡ ᠡᠯ᠎ᠡ ᠲᠠᠯ᠎ᠠ ᠶᠢᠨ ᠬᠦᠴᠦᠨ ᠢ ᠡᠮᠬᠢᠯᠡᠨ | ᠨᠡᠶᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠰᠢᠰᠲ᠋ᠧᠮᠴᠢ | ᠴᠢᠨᠠᠷᠲᠠᠶ ᠪᠠᠷ ᠪᠠᠶᠢᠭᠤᠯᠵᠤ᠂ ︽ᠡᠷᠦᠬᠡ ᠪᠣᠯᠭᠠᠨ ᠣᠷᠣᠯᠴᠠᠬᠤ᠂ ᠬᠥᠮᠦᠨ ᠪᠣᠯᠭᠠᠨ ᠬᠠᠷᠢᠭᠤᠴᠠᠯᠭ᠎ᠠ ᠪᠠᠨ | ᠭᠦᠶ᠋ᠴᠡᠳᠬᠡᠬᠦ︾ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠠᠮᠢ ᠠᠬᠤᠶ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠶ᠂ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠬᠦᠴᠦᠯᠡᠨ ᠪᠠᠶᠢᠭᠤᠯᠬᠤ ᠬᠡᠷᠡᠭᠲᠡᠶ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |