ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠬᠠᠪᠰᠤᠷᠤᠨ ᠲᠡᠳᠬᠦᠬᠦ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ᠂ ᠤᠨᠤᠪᠴᠢᠲᠠᠢ ᠵᠢᠭᠰᠠᠭᠠᠨ ᠪᠠᠶᠢᠴᠠᠭᠠᠯᠲᠠ᠂ ᠬᠠᠨᠳᠤᠯᠭᠠᠲᠤ | ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ | ᠲᠣᠭᠤᠷᠢᠨ ᠤ ᠠᠮᠤᠷ ᠲᠦᠪᠰᠢᠨ ᠢ ᠬᠠᠮᠠᠭᠠᠯᠠᠪᠠ᠃ | ᠲᠣᠰ ᠤᠳᠠᠭᠠᠨ ᠤ ᠠᠵᠢᠯᠯᠠᠭ᠎ᠠ ᠳᠤ ︽ᠬᠡᠰᠡᠭ ᠬᠤᠪᠢᠶᠠᠨ ᠳᠠᠭᠠᠭᠠᠴᠢᠯᠠᠭᠤᠯᠵᠤ᠂ ᠬᠠᠷᠢᠭᠤᠴᠠᠯᠭ᠎ᠠ ᠶᠢ | ᠬᠥᠮᠦᠨ ᠳᠤ ᠨᠠᠶᠢᠳᠠᠪᠤᠷᠢᠵᠢᠭᠤᠯᠬᠤ︾ ᠪᠠᠷ ᠵᠠᠷᠴᠢᠮ ᠪᠣᠯᠭᠠᠵᠤ᠂ ᠬᠤᠶᠠᠷ ᠶᠡᠭᠡ ᠡᠭᠦᠷᠭᠡ ᠶᠢᠨ ᠣᠷᠣᠨ ᠬᠡᠰᠡᠭ | ᠬᠤᠪᠢᠶᠠᠨ᠎ᠠ᠄ ᠨᠢᠭᠡᠳᠦᠭᠡᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤᠭᠤᠶᠢᠯᠠᠩ ᠨᠠᠷᠢᠨ ᠪᠠᠯᠭᠠᠰᠤ᠂ ᠠᠷᠪᠠᠨ | ᠭᠡᠷ ᠮᠠᠨᠵᠤ ᠦᠨᠳᠦᠰᠦᠲᠡᠨ ᠤ ᠰᠢᠶᠠᠩ ᠵᠡᠷᠭᠡ ᠲᠠᠪᠤᠨ ᠰᠢᠶᠠᠩ ᠪᠠᠯᠭᠠᠰᠤ ᠶᠢ ᠬᠠᠮᠤᠷᠴᠤ᠂ ᠬᠤᠶᠠᠳᠤᠭᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠳᠤᠭᠤᠶᠢᠯᠠᠩ ᠵᠢᠨᠱᠠᠨ ᠪᠠᠯᠭᠠᠰᠤ᠂ ᠮᠠᠶᠢᠷᠠᠨ ᠪᠠᠯᠭᠠᠰᠤ ᠵᠡᠷᠭᠡ ᠳᠥᠷᠪᠡᠨ ᠪᠠᠯᠭᠠᠰᠤ | ᠵᠢᠴᠢ ᠬᠤᠶᠠᠷ ᠵᠡᠭᠡᠯᠢ ᠭᠤᠳᠤᠮᠵᠢ ᠶᠢ ᠬᠠᠷᠢᠭᠤᠴᠠᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠤᠨ ᠨᠢᠭᠡᠴᠢ᠂ ᠠᠶᠤᠯᠲᠠᠶ ᠬᠠᠶᠠᠭᠳᠠᠮᠠᠯ ᠪᠣᠳᠠᠰ ᠤᠨ ᠦᠢᠯᠡᠳᠪᠦᠷᠢᠯᠡᠯ ᠤᠨ ᠡᠵᠡᠩᠨᠡᠯᠲᠡ ᠶᠢᠨ ᠨᠢᠭᠡᠴᠢ᠂ | ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠪᠠ ᠡᠩ ᠤᠨ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠦᠢᠯᠡᠳᠪᠦᠷᠢᠯᠡᠯ ᠤᠨ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠷ ᠭᠦᠢᠴᠡᠳᠬᠡᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ | ᠪᠣᠬᠢᠷᠲᠤᠯ ᠭᠠᠳᠠᠭᠰᠢᠯᠠᠭᠤᠯᠬᠤ᠂ ᠬᠢᠨᠠᠨ ᠬᠡᠮᠵᠢᠬᠦ ᠡᠬᠡ ᠲᠠᠩᠰᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ | ᠪᠠᠶᠢᠴᠠᠭᠠᠬᠤ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 121 ᠠᠵᠤ ᠠᠬᠤᠶᠢᠯᠠᠯ ᠢ | ᠰᠤᠷᠪᠤᠯᠵᠢᠯᠠᠵᠤ᠂ ᠣᠷᠴᠢᠨ ᠲᠣᠭᠤᠷᠢᠨ ᠤ ᠬᠠᠮᠢᠶᠠᠷᠤᠯᠲᠠ ᠶᠢᠨ ᠡᠬᠡ ᠲᠠᠩᠰᠠ ᠵᠢᠷᠤᠮᠵᠢᠯ ᠥᠬᠡᠶ᠂ ᠠᠶᠤᠯᠲᠠᠶ | ᠬᠠᠶᠠᠭᠳᠠᠮᠠᠯ ᠪᠣᠳᠠᠰ ᠤᠨ ᠲᠡᠮᠳᠡᠭ ᠳᠤᠲᠠᠭᠳᠠᠭᠰᠠᠨ᠂ ᠬᠢᠨᠠᠨ ᠬᠡᠮᠵᠢᠬᠦ ᠰᠢᠰᠲ᠋ᠧᠮ ᠤᠨ ᠲᠡᠮᠳᠡᠭ ᠪᠠᠶᠢᠷᠢᠯᠠᠭᠤᠯᠤᠭᠰᠠᠨ | ᠥᠬᠡᠶ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠤᠭᠰᠠᠨ ᠥᠬᠡᠶ ᠵᠡᠷᠭᠡ | ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠢ ᠵᠢᠯᠣᠭᠤᠳᠤᠨ ᠴᠡᠭᠴᠡᠯᠡᠨ | ᠰᠠᠶᠢᠵᠢᠷᠠᠭᠤᠯᠬᠤ ᠲᠥᠰᠦᠯ ᠲᠣᠭᠲᠠᠭᠠᠬᠤ ᠶᠢᠨ ᠬᠠᠮᠲᠤ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠠᠰᠠᠭᠤᠳᠠᠯ | ᠥᠬᠡᠶ ᠠᠵᠤ ᠠᠬᠤᠶᠢᠯᠠᠯ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠤᠯᠵᠤ ᠬᠠᠮᠠᠭᠠᠯᠠᠬᠤ ᠶᠢ | ᠴᠢᠩᠭᠠᠳᠬᠠᠬᠤ ᠶᠢ ᠱᠠᠭᠠᠷᠳᠠᠪᠠ︔ ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠦᠯᠡᠳᠡᠭᠳᠡᠯ | ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ | ᠠᠷᠢᠯᠭᠠᠨ᠎ᠠ᠃ ᠡᠭᠦᠨ ᠤ ᠬᠠᠮᠲᠤ᠂ ᠪᠠᠷᠢᠮᠵᠢᠶᠠᠵᠢᠭᠤᠯᠤᠭᠰᠠᠨ ᠡᠬᠡ ᠲᠠᠩᠰᠠ ᠶᠢᠨ ᠬᠡᠪ ᠵᠠᠭᠪᠤᠷ ᠢ ᠲᠣᠭᠲᠠᠭᠠᠵᠤ᠂ | ᠠᠵᠤ ᠠᠬᠤᠶᠢᠯᠠᠯ ᠢ ᠵᠢᠯᠣᠭᠤᠳᠤᠨ ᠣᠷᠴᠢᠨ ᠠᠬᠤᠶ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠪᠠᠶᠢᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠳᠦᠷᠢᠮᠵᠢᠭᠦᠯᠬᠦ ᠶᠢ ᠠᠬᠢᠭᠤᠯᠪᠠ᠃ | | ᠲᠠᠷᠠᠭᠠᠴᠢ ᠶᠢᠨ ᠠᠯᠬᠤᠮ ᠳᠤ᠂ ᠬᠠᠷᠠᠴᠢᠨ ᠬᠤᠰᠢᠭᠤᠨ ᠤ ᠬᠤᠪᠢᠶᠠᠷᠢ ᠲᠣᠪᠴᠢᠶ᠎ᠠ ︽ᠪᠤᠴᠠᠵᠤ ᠪᠠᠶᠢᠴᠠᠭᠠᠨ | ᠦᠵᠡᠬᠦ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠡᠭᠦᠯᠴᠢ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠣᠷᠴᠢᠨ | ᠲᠣᠭᠤᠷᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ | ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠯ ᠳᠤ ᠬᠦᠴᠦᠨ ᠨᠡᠮᠡᠷᠢᠯᠡᠨ᠎ᠡ᠃ ᠲᠣᠰ ᠤᠳᠠᠭᠠᠨ ᠤ ᠲᠤᠰᠬᠠᠶ | ᠠᠵᠢᠯᠯᠠᠭ᠎ᠠ ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠴᠢᠩᠭᠠᠳᠬᠠᠭᠰᠠᠨ ᠢᠶᠠᠷ ᠪᠠᠷᠠᠬᠤ ᠥᠬᠡᠶ᠂ ᠨᠠᠩ ᠴᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠᠷ ᠠᠵᠤ | ᠠᠬᠤᠶᠢᠯᠠᠯ ᠢ ᠬᠠᠪᠰᠤᠷᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ | ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠳᠤ ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠪᠠ᠃ |