4 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 86 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ | ᠰᠠᠨᠠᠭᠠᠨ ᠤ ᠲᠦᠢᠮᠣ ᠥᠭᠦᠯᠡᠯᠲᠡ︾ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ | ︾ ᠰᠡᠳᠬᠦᠯ ᠳᠤ ᠨᠡᠶᠢᠲᠡᠯᠡᠭᠰᠡᠨ ︽ᠠᠵᠤ ᠠᠬᠤᠶ ᠶᠢ ᠡᠷᠬᠡᠪᠰᠢ ᠬᠡᠳᠦᠨ ᠬᠤᠤᠰ ᠬᠠᠷᠢᠴᠠᠭ᠎ᠠ ᠶᠢ ᠨᠢᠭᠡᠳᠦᠯᠲᠡᠶ | ᠲᠥᠯᠥᠪᠯᠡᠬᠦ︾ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠤᠨ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠨ ᠲᠣᠬᠢᠷᠠᠭᠤᠯᠤᠭᠰᠠᠨ ᠪᠠᠶᠢᠳᠠᠯ ᠢ | ᠰᠣᠨᠣᠰᠴᠤ᠂ ︽ᠬᠠᠷᠠᠴᠢᠨ ᠬᠤᠰᠢᠭᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ 2025 ᠣᠨ ᠤ ᠠᠵᠢᠯ ᠤᠨ ᠡᠭᠦᠷᠭᠡ ᠶᠢᠨ | ᠨᠠᠷᠢᠨ ᠲᠠᠩᠰᠠ︾᠂ ︽ᠬᠠᠷᠠᠴᠢᠨ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ | ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭᠠᠨ ᠤ ᠭᠤᠣᠯ ᠠᠭᠤᠯᠭ᠎ᠠ᠂ ᠰᠢᠨᠵᠢᠯᠡᠬᠦ ᠤᠬᠠᠭᠠᠨᠴᠢ ᠰᠢᠰᠲ᠋ᠧᠮ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ | ᠭᠦᠨᠵᠡᠭᠡᠢ ᠣᠶᠢᠯᠠᠭᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠡᠳᠦᠷ ᠲᠤᠳᠤᠮ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ | ᠠᠬᠤᠢ ᠨᠡᠶᠢᠭᠡᠮ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ︽ᠲᠠᠪᠤ ᠶᠢ | ᠡᠷᠬᠡᠪᠰᠢ ᠨᠢᠭᠡᠳᠦᠯᠲᠡᠶ ᠲᠥᠯᠥᠪᠯᠡᠬᠦ︾ ᠵᠢᠮ᠎ᠡ ᠶᠣᠰᠣᠨ ᠤ ᠲᠠᠨᠢᠯᠲᠠ ᠶᠢ ᠭᠦᠨᠵᠡᠭᠡᠶᠢᠷᠡᠭᠦᠯᠵᠦ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠨ᠂ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠦᠨᠡᠨᠬᠦ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ︽ᠡᠭᠦᠷᠭᠡ ᠶᠢᠨ ᠨᠠᠷᠢᠨ ᠲᠠᠩᠰᠠ︾ ᠶᠢᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ | ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠲᠠᠩᠰᠠ ᠶᠢ ᠣᠷᠭᠠᠨᠢᠭ ᠢᠶᠠᠷ ᠠᠭᠤᠰᠤᠯᠴᠠᠭᠤᠯᠬᠤ ᠶᠢ | ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ | ᠰᠠᠶᠢᠲᠤᠷ ᠡᠭᠦᠷᠭᠡᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦ ᠲᠠᠯ᠎ᠠ ᠪᠠᠷ ᠡᠮᠬᠢᠯᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠱᠠᠯᠠᠪᠳᠠᠭᠤᠯᠤᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ | ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠪᠥᠬᠦ ᠬᠤᠰᠢᠭᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠶᠢ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠤᠨ ᠡᠵᠡᠮᠰᠢᠵᠦ᠂ ᠪᠠᠶᠢᠳᠠᠯ ᠢ ᠤᠶᠢᠯᠠᠭᠠᠨ ᠬᠢᠨᠠᠨ ᠬᠠᠷᠭᠤᠭᠤᠯᠬᠤ | ᠠᠵᠢᠯ ᠢ ᠰᠠᠶᠢᠲᠤᠷ ᠬᠢᠵᠦ᠂ ᠦᠯᠡᠳᠡᠭᠳᠡᠯ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠬᠤᠶᠠᠳᠤᠭᠠᠷ ᠡᠭᠡᠯᠵᠢ ᠶᠢᠨ | ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ | ᠤᠷᠲᠤᠳᠬᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠥᠬᠦ ᠶᠠᠪᠤᠴᠠ ᠡᠯ᠎ᠡ ᠭᠤᠭᠴᠤᠭ᠎ᠠ ᠳᠤ ᠴᠢᠩᠭ᠎ᠠ ᠨᠢᠮᠪᠠᠶ | ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠶ᠃ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠶᠢᠨ ᠭᠠᠯ | ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠴᠢᠩᠭ᠎ᠠ ᠰᠡᠷᠭᠡᠶᠢᠯᠡᠨ ᠡᠵᠡᠮᠳᠡᠵᠦ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ | ᠬᠠᠷᠢᠭᠤᠴᠠᠯᠭᠠᠲᠠᠨ ᠰᠤᠯᠠ ᠣᠷᠣᠯᠴᠠᠵᠠᠶ᠃ |