ᠾᠧ ᠮᠧᠢ ᠪᠠᠶ᠎ᠠ ᠶᠢᠨ ᠲᠠᠮᠢᠷ ᠤᠨ ᠲᠦᠪ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/4/3
   4 ᠰᠠᠷ᠎ᠠ ᠶᠢᠨ 3 ᠤ ᠡᠳᠤᠷ ᠤᠯᠠᠭᠠᠨᠬᠠᠳᠠ ᠬᠤᠲᠠ ᠶᠢᠨ ᠾᠧ ᠮᠧᠢ ᠠᠵᠤ ᠦᠢᠯᠡᠳᠪᠤᠷᠢ ᠠᠷᠠᠯᠵᠢᠶᠠᠨ ᠤ ᠬᠦᠷᠢᠶᠡᠯᠡᠩ ᠤᠨ ᠾᠧ ᠮᠧᠢ ᠪᠠᠶ᠎ᠠ ᠶᠢᠨ ᠲᠠᠮᠢᠷ ᠤᠨ ᠲᠦᠪ ᠵᠢᠩᠬᠢᠨᠢ ᠪᠠᠷ ᠪᠠᠶᠢᠭᠤᠯᠤᠭᠳᠠᠪᠠ᠃ ᠲᠣᠰ ᠪᠡᠶ᠎ᠡ ᠶᠢᠨ ᠲᠠᠮᠢᠷ ᠤᠨ ᠲᠥᠪ ᠨᠢ ᠪᠡᠶ᠎ᠡ ᠶᠢᠨ ᠲᠠᠮᠢᠷ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠪᠡᠶ᠎ᠡ ᠶᠢᠨ ᠲᠠᠮᠢᠷ ᠤᠨ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠪᠣᠯᠭᠠᠨ ᠪᠠᠶᠢᠭᠤᠯᠵᠤ᠂ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠰᠠᠶᠢᠨ ᠭᠠᠵᠠᠷ ᠬᠠᠩᠭᠠᠪᠠ᠃   ᠾᠧ ᠮᠧᠢ ᠪᠡᠶ᠎ᠡ ᠶᠢᠨ ᠲᠠᠮᠢᠷ ᠤᠨ ᠲᠥᠪ ᠨᠢ ᠯᠢᠨ ᠬᠤᠸᠠᠩ ᠶᠡᠭᠡ ᠵᠡᠭᠡᠯᠢ ᠠᠴᠠ ᠡᠮᠦᠨᠡᠰᠢ᠂ ᠾᠧ ᠮᠧᠢ ᠵᠠᠮ ᠠᠴᠠ ᠪᠠᠷᠠᠭᠤᠨᠰᠢ᠂ ᠰᠢᠩ ᠶᠤᠸᠠᠨ ᠵᠠᠮ ᠠᠴᠠ ᠬᠤᠶᠢᠰᠢ᠂ 3 ᠰᠠᠭᠤᠷᠢ ᠲᠠᠯᠠᠪᠠᠢ ᠲᠠᠢ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 1.923 ᠲᠦᠮᠡᠨ ᠲᠡᠭᠰᠢ ᠳᠥᠷᠪᠡᠯᠵᠢᠨ ᠮᠧᠲᠷ ᠢᠶᠠᠷ ᠲᠦᠯᠦᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 2.5 ᠳ᠋ᠦᠩᠰᠢᠭᠤᠷ ᠲᠥᠭᠦᠷᠢᠭ ᠲᠤ ᠬᠦᠷᠴᠠᠢ᠃ ᠲᠠᠯᠠᠪᠠᠢ ᠣᠷᠳᠣᠨ ᠳᠤ ᠪᠠᠷᠢᠮᠵᠢᠶᠠᠲᠤ ᠰᠠᠭᠰᠤᠨ ᠪᠥᠮᠪᠦᠭᠡ ᠶᠢᠨ ᠲᠠᠯᠠᠪᠤᠷ᠂ ᠫᠢᠩᠫᠤᠩ ᠪᠥᠮᠪᠦᠭᠡ ᠶᠢᠨ ᠲᠠᠯᠠᠪᠠᠶ᠂ ᠥᠲᠥᠨ ᠪᠥᠮᠪᠦᠭᠡ ᠶᠢᠨ ᠲᠠᠯᠠᠪᠠᠶ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠠᠯᠠᠪᠠᠶ᠂ ᠴᠢᠴᠢᠬᠦᠷ ᠪᠥᠮᠪᠦᠭᠡ ᠶᠢᠨ ᠲᠠᠯᠠᠪᠠᠶ ᠂ ᠶᠦᠭᠡ ᠪᠥᠵᠢᠭ ᠤᠨ ᠲᠠᠯᠠᠪᠠᠶ᠂ ᠪᠠᠭᠠᠵᠢ ᠬᠡᠷᠡᠭᠰᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠪᠠᠭᠲᠠᠨ᠎ᠠ᠂ ᠲᠠᠯᠠᠪᠠᠶ ᠳᠣᠲᠣᠷ᠎ᠠ ᠪᠠᠰᠠ ᠴᠠᠭᠠᠷᠢᠭ ᠬᠡᠯᠪᠡᠷᠢ ᠶᠢᠨ ᠠᠯᠬᠤᠬᠤ ᠵᠠᠮ ᠭᠠᠷᠭᠠᠬᠤ ᠵᠢᠴᠢ ᠭᠠᠵᠠᠷ ᠳᠡᠭᠡᠷᠡᠬᠢ ᠲᠡᠷᠭᠡᠨ ᠵᠣᠭᠰᠣᠭᠠᠯ ᠤᠨ ᠭᠠᠵᠠᠷ ᠵᠡᠷᠭᠡ ᠶᠢ ᠲᠣᠬᠢᠷᠠᠭᠤᠯᠤᠨ ᠪᠠᠶᠢᠭᠤᠯᠤᠨ᠎ᠠ᠃   ᠭᠤᠸ᠎ᠠ ᠰᠠᠶᠢᠬᠠᠨ ᠤ ᠪᠡᠶ᠎ᠡ ᠶᠢᠨ ᠲᠠᠮᠢᠷ ᠤᠨ ᠲᠥᠪ ᠤᠨ ᠪᠠᠷᠢᠯᠭ᠎ᠠ ᠶᠢᠨ ᠭᠠᠳᠠᠷᠭᠤ ᠳᠤ ᠱᠤᠩᠪᠠᠭ᠋ᠤ ᠬᠡᠯᠪᠡᠷᠢ ᠶᠢᠨ ᠵᠢᠷᠤᠭ ᠲᠥᠯᠥᠪᠯᠡᠭᠡ ᠶᠢ ᠬᠡᠷᠡᠭᠯᠡᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠳᠡᠯᠦᠩᠭᠦᠶ ᠴᠢᠨᠠᠷ ᠪᠠ ᠬᠦᠴᠦᠨ ᠴᠢᠳᠠᠯ ᠤᠨ ᠲᠥᠷᠥᠭᠳᠡᠯ ᠢ ᠳᠡᠭᠡᠭᠰᠢᠯᠡᠭᠦᠯᠬᠦ ᠶᠢᠨ ᠬᠠᠮᠲᠤ᠂ ᠬᠥᠮᠥᠡᠯᠢᠭ ᠣᠷᠣᠨ ᠵᠠᠶ ᠶᠢᠨ ᠣᠶᠢᠯᠠᠭᠠᠯᠲᠠ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠡᠯ᠎ᠡ ᠨᠠᠰᠤᠨ ᠤ ᠬᠥᠮᠦᠰ ᠤᠨ ᠬᠥᠳᠡᠯᠭᠡᠭᠡᠨ ᠪᠠ ᠰᠡᠯᠡᠭᠦᠴᠡᠯ ᠳᠤ ᠳᠣᠭᠢᠷᠠᠨ᠎ᠠ᠃ ᠪᠦᠬᠦ᠋ᠢᠯᠡ ᠪᠡᠶ᠎ᠡ ᠶᠢᠨ ᠲᠠᠮᠢᠷ ᠤᠨ ᠣᠷᠳᠣᠨ ᠨᠢ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠣᠶᠤᠨᠴᠢ ᠬᠢᠨᠠᠨ ᠡᠵᠡᠮᠳᠡᠬᠦ ᠵᠡᠷᠭᠡ ᠮᠡᠷᠭᠡᠵᠢᠯ ᠢᠶᠠᠷ ᠳᠠᠮᠵᠢᠭᠤᠯᠤᠨ᠂ ᠲᠠᠯᠠᠪᠤᠷ ᠣᠷᠳᠣᠨ ᠤ ᠡᠳᠦᠷ ᠲᠤᠲᠤᠮ ᠤᠨ ᠬᠠᠮᠢᠶᠠᠷᠤᠯᠲᠠ ᠪᠠ ᠡᠨᠧᠷᠭᠢ ᠶᠢᠨ ᠬᠤᠷᠣᠭᠳᠠᠯ ᠤᠨ ᠬᠢᠨᠠᠨ ᠡᠵᠡᠮᠳᠡᠯ ᠢ ᠰᠢᠯᠢᠳᠡᠭᠵᠢᠭᠦᠯᠵᠦ᠂ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ    ᠾᠧ ᠮᠧᠢ ᠪᠡᠶ᠎ᠡ ᠶᠢᠨ ᠲᠠᠮᠢᠷ ᠤᠨ ᠲᠥᠪ ᠤᠨ ᠲᠥᠷᠥᠯ ᠵᠦᠢᠯ ᠨᠢ ᠭᠤᠣᠯᠳᠠᠯᠭ᠎ᠠ ᠲᠠᠢ ᠢᠵᠢ ᠪᠦᠷᠢᠳᠦᠭᠦᠯᠬᠦ ᠢᠨᠵᠧᠨᠧᠷᠢᠩ ᠪᠣᠯᠤᠭᠰᠠᠨ ᠤ ᠬᠤᠪᠢ ᠳᠤ᠂ ᠲᠥᠷᠥᠯ ᠵᠦᠢᠯ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠪᠣᠯᠬᠤ ᠪᠠᠷ ᠪᠠᠶᠢᠷᠢ ᠲᠣᠭᠲᠠᠭᠠᠵᠤ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠨᠢ ᠾᠧ ᠮᠧᠢ ᠬᠡᠰᠡᠭ ᠣᠷᠣᠨ ᠤ ᠲᠤᠰᠬᠠᠶ ᠮᠡᠷᠭᠡᠵᠢᠯ ᠤᠨ ᠬᠥᠳᠡᠯᠭᠡᠭᠡᠨ ᠤ ᠲᠠᠯᠠᠪᠠᠢ ᠣᠷᠳᠣᠨ ᠤ ᠬᠤᠭᠤᠰᠣᠨ ᠢ ᠨᠥᠬᠦᠪᠥᠷᠢᠯᠡᠵᠦ᠂ ᠾᠧ ᠮᠧᠢ ᠬᠡᠰᠡᠭ ᠣᠷᠣᠨ ᠤ ᠬᠥᠮᠦᠰ ᠵᠢᠴᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠰᠡᠯᠡᠭᠦᠴᠡᠯ ᠤᠨ ᠬᠥᠳᠡᠯᠭᠡᠭᠡᠨ ᠤ ᠬᠡᠷᠡᠭᠴᠡᠭᠡ ᠶᠢ ᠶᠡᠭᠡ ᠪᠠᠷ ᠬᠠᠩᠭᠠᠬᠤ ᠶᠢᠨ ᠬᠠᠮᠲᠤ ᠪᠠᠰᠠ ᠣᠷᠣᠨ ᠪᠦᠰᠡ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠬᠢᠯᠡᠵᠦ ᠪᠣᠯᠤᠨ᠎ᠠ᠂ ᠪᠠᠶᠢᠭᠤᠯᠤᠭᠰᠠᠨ ᠤ ᠳᠠᠷᠠᠭ᠎ᠠ ᠤᠯᠠᠭᠠᠨᠬᠠᠳᠠ ᠶᠢᠨ ᠴᠢᠬᠤᠯᠠ ᠰᠣᠶᠣᠯ ᠪᠡᠶ᠎ᠡ ᠶᠢᠨ ᠲᠠᠮᠢᠷ ᠤᠨ ᠰᠢᠨ᠎ᠡ ᠭᠠᠵᠠᠷ ᠤᠨ ᠲᠡᠮᠳᠡᠭ ᠪᠣᠯᠤᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号