4 ᠰᠠᠷ᠎ᠠ ᠶᠢᠨ 30 ᠤ ᠡᠳᠦᠷ᠂ ᠬᠠᠷᠠᠴᠢᠨ ᠬᠤᠰᠢᠭᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠵᠥᠪᠯᠡᠯ ᠤᠨ 2025 ᠣᠨ ᠤ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠶ ᠯᠢᠩ ᠬᠤᠷᠠᠯ ᠡᠷᠭᠢᠯᠡᠵᠦ ᠶᠠᠷᠢᠶ᠎ᠠ | ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠪᠠᠲᠤᠳᠬᠠᠨ᠂ | ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠢᠭᠡ ᠠᠴᠠ ᠨᠥᠭᠦᠭᠡ ᠶᠢ | ᠵᠦᠢᠴᠢᠯᠡᠨ ᠮᠡᠳᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠯ᠎ᠡ | ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠮ ᠬᠠᠷᠢᠯᠴᠠᠭ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ | ᠨᠡᠭᠦᠷᠡᠰᠦᠨ ᠤ ᠪᠤᠰᠤ ᠠᠭᠤᠷᠬᠠᠢ᠂ ᠰᠣᠶᠣᠯ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠭᠠᠯ | ᠤᠨᠲᠠᠷᠠᠭᠠᠬᠤ ᠰᠢᠲᠠᠮᠠᠬᠠᠶ ᠬᠡᠶ ᠵᠡᠷᠭᠡ ᠶᠠᠪᠤᠳᠠᠯ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠳᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠤᠰᠢᠭᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠲᠠ ᠪᠠ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠠᠵᠢᠯ ᠤᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠳᠠᠷᠤᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ︽ᠠᠷᠪᠠᠨ ᠶᠡᠭᠡ ᠠᠵᠢᠯᠯᠠᠭ᠎ᠠ︾᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠤᠯᠠᠨ | ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ | ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠬᠦ ᠬᠡᠷᠡᠭᠲᠡᠢ᠃ | ᠬᠤᠷᠠᠯ ᠳᠡᠭᠡᠷ᠎ᠡ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ | ᠲᠥᠪᠯᠡᠷᠡᠭᠦᠯᠦᠨ ᠦᠵᠡᠵᠦ᠂ ᠵᠢᠯ ᠤᠨ ᠡᠬᠢᠨ ᠠᠴᠠ ᠨᠠᠰᠢᠬᠢ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠰᠠᠯᠠᠭ᠎ᠠ ᠮᠥᠴᠢᠷ | ᠪᠣᠯᠤᠨ ᠭᠠᠵᠠᠷ ᠣᠷᠣᠨ ᠤ ᠬᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ | ᠳᠡᠳ᠋ ᠬᠤᠰᠢᠭᠤᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠱᠢ ᡁᠢ ᠯᠢᠶᠠᠩ᠂ ᠮᠧᠩ ᠹᠠᠨ ᡂᠢ᠂ ᠵᠤᠸᠠᠩ ᠸᠧᠨ | ᠳ᠋ᠢ᠂ ᠭᠧᠩ ᠯᠢ ᠵᠢᠶᠦ᠋ᠨ᠂ ᠸᠠᠩ ᠹᠸᠢ ᠬᠤᠷᠠᠯ ᠳᠤ ᠣᠷᠣᠯᠴᠠᠵᠤ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |