︽5 · 1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠵᠦ᠂ ᠬᠥᠳᠡᠯᠮᠦᠷᠢ ᠶᠢᠨ ᠵᠢᠱᠢᠶᠡᠴᠢ ᠶᠢᠨ | ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ | ᠲᠥᠯᠥᠭᠡ᠂ 4 ᠰᠠᠷ᠎ᠠ ᠶᠢᠨ 30 ᠤ ᠡᠳᠦᠷ᠂ ᠬᠠᠷᠠᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠵᠢᠨᠱᠠᠨ ᠬᠤᠲᠠ ᠶᠢᠨ ᠠᠷᠠᠳ ᠤᠨ ᠠᠭᠤᠳᠠᠮ ᠲᠠᠯᠠᠪᠠᠶ ᠳᠤ ︽ᠬᠥᠳᠡᠯᠮᠦᠷᠢ ᠰᠠᠶᠢᠨ | ᠰᠠᠶᠢᠬᠠᠨ ᠪᠠᠶᠢᠳᠠᠯ ᠢ ᠡᠭᠦᠳᠴᠦ᠂ ᠪᠣᠯᠪᠠᠰᠤᠨ ᠢᠶᠠᠷ ᠢᠷᠡᠭᠡᠳᠦᠶ ᠶᠢ ᠬᠥᠲᠥᠯᠥᠨ ᠳᠠᠭᠠᠭᠤᠯᠬᠤ︾ ᠭᠤᠤᠯ ᠰᠡᠳᠦᠪᠲᠦ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠬᠠᠷᠠᠴᠢᠨ ᠬᠤᠰᠢᠭᠤᠨ ᠤ ᠤᠯᠠᠭᠠᠨ ᠮᠦᠴᠢᠷ ᠤᠨ ᠲᠣᠭᠯᠠᠭᠴᠢ ᠤᠷᠠᠨ ᠰᠠᠢᠬᠠᠨ ᠤ ᠲᠣᠭᠯᠠᠯᠲᠠ ᠭᠠᠷᠭᠠᠪᠠ᠃ | ᠬᠠᠷᠠᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ | ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ | ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠶᠢᠨ ᠳᠤᠷ᠎ᠠ ᠶᠢᠨ ᠠᠵᠢᠯᠯᠠᠭᠴᠢ | ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ ᠰᠠᠭᠤᠭᠠᠯᠢ ᠠᠷᠠᠳ ᠤᠨ ᠠᠰᠠᠭᠤᠳᠠᠯ ᠳᠤ | ᠬᠠᠷᠢᠭᠤᠯᠲᠠ ᠥᠭᠴᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠪᠠ | ᠨᠣᠭᠤᠭᠠᠨ ᠨᠣᠮ ᠤᠨ ᠱᠣᠰᠢᠭ᠎ᠠ᠂ ᠡᠷᠡᠭᠦᠯ ᠮᠡᠨᠳᠦ ᠶᠢᠨ ᠮᠡᠳᠡᠯᠭᠡ ᠶᠢᠨ ᠭᠠᠷ ᠳᠡᠪᠲᠡᠷ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠶᠢᠨ ᠮᠠᠲ᠋ᠧᠷᠢᠶᠠᠯ ᠢ ᠪᠠᠲᠤ | ᠴᠣᠭᠴᠠᠯᠠᠬᠤ ᠵᠡᠷᠭᠡ ᠬᠡᠯᠪᠡᠷᠢ ᠪᠠᠷ ᠢᠳᠡᠪᠬᠢᠲᠡᠶ ᠣᠷᠣᠯᠴᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠮᠠᠰᠢ | ᠬᠥᠭᠵᠢᠶᠡᠨᠲᠡᠶ ᠪᠠᠶᠢᠪᠠ᠃ | ᠠᠯᠪᠠᠨ ᠵᠢᠷᠤᠮ ᠤᠨ ᠡᠮᠴᠢᠯᠡᠭᠡᠨ ᠤ ᠳᠡᠯᠭᠡᠭᠦᠷ ᠤᠨ ᠬᠠᠵᠠᠭᠤ ᠳᠤ ᠡᠮᠴᠢ ᠰᠤᠪᠢᠯᠠᠭᠴᠢ ᠬᠦᠯᠢᠴᠡᠩᠭᠦᠶ ᠪᠠᠷ ᠣᠯᠠᠨ | ᠲᠦᠮᠡᠨ ᠳᠤ ᠴᠢᠰᠤᠨ ᠳᠠᠷᠤᠯᠲᠠ ᠶᠢ ᠬᠡᠮᠵᠢᠬᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ | ᠬᠠᠩᠭᠠᠪᠠ᠃ | ᠡᠯᠪᠡᠭ ᠪᠠᠶᠠᠯᠢᠭ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ᠨᠡᠶᠢᠭᠡᠮ ᠤᠨ ᠬᠠᠶᠢᠷ᠎ᠠ ᠬᠠᠯᠠᠮᠵᠢ ᠶᠢ | ᠳᠠᠮᠵᠢᠭᠤᠯᠬᠤ ᠪᠠᠷ ᠪᠠᠷᠠᠬᠤ ᠦᠭᠡᠢ ᠪᠠᠰᠠ ᠪᠣᠯᠪᠠᠰᠤᠨ ᠤ ᠦᠢᠯᠡᠳᠦᠯᠭᠡ ᠶᠢ ᠪᠠᠶᠠᠷ ᠤᠨ ᠡᠳᠦᠷ ᠲᠤ ᠰᠢᠨ᠎ᠡ | ᠠᠮᠢᠵᠢᠷᠠᠯ ᠤᠨ ᠬᠦᠴᠦᠨ ᠲᠠᠢ ᠪᠤᠯᠭᠠᠪᠠ᠃ |