ᠬᠠᠷᠠᠴᠢᠨ ᠬᠤᠰᠢᠭᠤᠨ ᠤ ᠵᠠᠰᠠᠭ ᠤᠨ ᠣᠷᠳᠣᠨ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/10
   5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠯᠢᠩ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠣᠤ ᠶᠠᠩ ᠬᠤᠲᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠳᠤ ᠭᠠᠯ ᠤᠨ ᠠᠶᠤᠯ ᠭᠠᠷᠤᠭᠰᠠᠨ ᠴᠢᠬᠤᠯᠠ ᠴᠣᠬᠤᠯᠠᠪᠤᠷᠢ︾ ᠵᠢᠴᠢ ᠬᠤᠯᠪᠣᠭᠳᠠᠯ ᠪᠥᠬᠦᠶ ᠤᠳᠤᠷᠢᠳᠤᠯᠭ᠎ᠠ ᠶᠢᠨ ᠴᠣᠬᠤᠯᠠᠪᠤᠷᠢ᠂ ᠱᠠᠩᠬᠠᠢ ᠳᠤ ᠰᠢᠨᠵᠢᠯᠡᠨ ᠪᠠᠶᠢᠴᠠᠭᠠᠬᠤ ᠪᠠ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ ᠶᠢᠨ ᠲᠦᠷᠢᠮ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠤᠳᠠᠯ ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢᠨ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠨ ᠵᠥᠪᠯᠡᠵᠦ᠂ ︽ᠬᠠᠷᠠᠴᠢᠨ ᠬᠤᠰᠢᠭᠤ ᠪᠣᠯᠤᠨ ᠠᠮᠧᠷᠢᠺᠠ ᠶᠢᠨ ᠳᠤᠮᠳᠠᠳᠤ ᠰᠤᠷᠭᠠᠭᠤᠯᠢ ᠶᠢᠨ ᠵᠣᠬᠢᠶᠠᠨ ᠪᠠᠶᠢᠭᠤᠯᠬᠤ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠬᠥᠳᠡᠭᠡ ᠲᠣᠰᠬᠤᠨ ᠤ ᠬᠠᠮᠲᠤ ᠶᠢᠨ ︿ᠭᠤᠷᠪᠠᠨ ᠡᠳ᠋ ᠬᠥᠷᠥᠩᠭᠡ﹀ ᠶᠢᠨ ᠬᠠᠮᠢᠶᠠᠷᠤᠯᠲᠠ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ᠂ ᠬᠠᠭᠤᠷᠮᠠᠭ ᠮᠠᠭᠤ ᠮᠢᠬᠠᠨ ᠪᠦᠲᠦᠭᠡᠭᠳᠡᠬᠦᠨ ᠵᠢᠴᠢ ᠬᠥᠳᠡᠭᠡ ᠲᠣᠰᠬᠤᠨ ᠤ ᠬᠠᠭᠤᠷᠮᠠᠭ ᠮᠠᠭᠤ ᠢᠳᠡᠭᠡᠨ ᠦᠢᠯᠡᠳᠴᠦ ᠪᠣᠷᠣᠯᠠᠭᠤᠯᠬᠤ ᠠᠰᠠᠭᠤᠳᠠᠯ ᠵᠡᠷᠭᠡ ᠶᠢ ᠲᠤᠰᠬᠠᠶ ᠴᠡᠭᠴᠡᠯᠡᠨ ᠵᠠᠰᠠᠬᠤ᠂ ᠪᠥᠬᠦ ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠵᠡᠷᠭᠡ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠤᠷᠳᠤᠴᠠ ᠪᠠᠷ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠠᠷᠢᠨ ᠨᠢᠮᠪᠠᠢ ᠲᠥᠯᠥᠪᠵᠢᠭᠦᠯᠵᠦ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠤᠶᠠᠳᠤᠭᠠᠷ ᠤᠯᠠᠷᠢᠯ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ︽ᠬᠤᠣᠰ ᠬᠠᠭᠠᠰ ᠢ ᠳᠠᠪᠠᠭ᠋ᠤ︾ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠤᠯᠠᠨ ᠢᠶᠠᠷ ᠢᠶᠠᠨ ᠢᠯᠵᠢᠷᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠥᠳᠡᠯᠦᠩᠭᠦᠶ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠡᠲᠡᠭᠡᠳ ᠢ ᠨᠠᠷᠢᠯᠢᠭ ᠤᠨᠤᠪᠴᠢᠲᠠᠢ ᠪᠠᠷ ᠢᠯᠭᠠᠨ ᠲᠠᠨᠢᠵᠤ᠂ ᠪᠠᠷᠢᠯᠭ᠎ᠠ ᠪᠠᠷᠢᠬᠤ ᠠᠬᠢᠴᠠ ᠶᠢ ᠲᠦᠷᠭᠡᠳᠬᠡᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠣᠯᠠᠨ ᠲᠦᠮᠡᠨ ᠢ ︽ᠰᠡᠳᠬᠢᠯ ᠲᠠᠯᠪᠢᠬᠤ ᠬᠡᠷ ᠪᠠᠶᠢᠰᠢᠩ︾ ᠳᠤ ᠰᠠᠭᠤᠯᠭᠠᠬᠤ ᠬᠡᠷᠡᠭᠲᠡᠶ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠭᠤᠣᠯᠳᠠᠯᠭ᠎ᠠ ᠲᠠᠢ ᠠᠵᠤ ᠦᠢᠯᠡᠰ ᠪᠣᠯᠤᠨ ᠠᠵᠢᠯ ᠣᠯᠭᠤᠯᠲᠠ ᠶᠢ ᠬᠠᠮᠵᠢᠯᠴᠠᠭᠤᠯᠤᠨ ᠬᠥᠭᠵᠢᠭᠦᠯᠬᠦ ᠶᠢ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠦᠰ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃   ᠬᠤᠷᠠᠯ ᠠᠴᠠ ᠡᠮᠦᠨ᠎ᠡ᠂ ᠪᠠᠶ ᠯᠢᠩ 2025 ᠣᠨ ᠤ 5 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪᠯᠡᠷᠡᠭᠦᠯᠦᠨ ᠰᠤᠷᠤᠯᠴᠠᠵᠤ᠂ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠰᠤᠳᠤᠯᠤᠨ ᠬᠢᠨᠠᠨ ᠵᠥᠪᠯᠡᠪᠡ᠃   ᠬᠤᠰᠢᠭᠤᠨ ᠲᠠᠰ ᠤᠨ ᠤᠳᠤᠷᠢᠳᠤᠯᠭ᠎ᠠ ᠵᠠᠩ ᠵᠢᠶ ᠲᠤᠤ᠂ ᠱᠢ ᡁᠢ ᠯᠢᠶᠠᠩ᠂ ᠸᠠᠩ ᠶᠦᠨ ᠰᠢᠶᠠ᠂ ᠮᠧᠩ ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ᠂ ᠭᠧᠩ ᠯᠢ ᠵᠢᠶᠦ᠋ᠨ᠂ ᠲᠢᠶᠠᠨ ᠬᠠᠶ ᠱᠧᠩ ᠬᠤᠷᠠᠯ ᠳᠤ ᠣᠷᠣᠯᠴᠠᠵᠤ᠂ ᠰᠢᠤᠢ ᠰᠢᠶᠤᠤ ᠳ᠋ᠦᠩ᠂ ᠷᠧᠨ ᠯᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号