5 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠬᠠᠷᠠᠴᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡ ᠪᠠᠷ ᠠᠵᠤ | ᠠᠬᠤᠶᠢᠯᠠᠯ ᠢ ᠲᠤᠰᠠᠯᠠᠬᠤ ᠶᠢ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ᠂ ᠳᠤᠮᠳᠠᠳᠤ | ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ᠂ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ᠂ ᠬᠠᠷᠠᠴᠢᠨ ᠬᠤᠰᠢᠭᠤᠨ ᠤ | ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠰᠢᠩ ᠶᠧ ᠪᠠᠩᠬᠢ ᠨᠡᠶᠢᠲᠡ 5 ᠮᠥᠩᠭᠦᠨ | ᠭᠦᠢᠯᠭᠡᠭᠡᠨ ᠤ ᠨᠢᠭᠡᠴᠢ᠂ ᠥᠪᠥᠷ ᠮᠣᠩᠭᠤᠯ ᠤᠨ ᠮᠧᠩ ᠶᠠᠩ ᠺᠠᠩ ᠱᠧᠩ ᠠᠮᠢ ᠠᠬᠤᠶ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠷᠠᠴᠢᠨ ᠬᠤᠰᠢᠭᠤᠨ ᠤ ᠺᠦᠨ ᠢᠦᠶ ᠺᠠᠯᠼ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠡᠨᠧᠷᠭᠢ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠢ ᠾᠦᠢ ᠮᠠᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠮᠧᠩ ᠮᠠ ᠪᠠᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 11 | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠥᠯᠥᠭᠡᠯᠡᠭᠴᠢ ᠶᠠᠷᠢᠶ᠎ᠠ ᠲᠠᠯᠪᠢᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠨᠠᠷᠢᠨ | ᠲᠠᠶᠢᠯᠪᠤᠷᠢᠯᠠᠵᠤ᠂ ᠠᠭᠤᠯᠭ᠎ᠠ ᠳᠤ ᠵᠢᠭᠡᠯᠡᠯᠭᠡ ᠶᠢᠨ ᠬᠠᠷᠠᠭᠠᠯᠵᠠᠯ ᠵᠡᠷᠭᠡ ᠤᠯᠠᠨ ᠲᠠᠯ᠎ᠠ ᠶᠢ ᠬᠠᠮᠤᠷᠴᠤ᠂ ᠠᠵᠤ | ᠠᠬᠤᠶᠢᠯᠠᠯ ᠳᠤ ᠡᠯᠪᠡᠭ ᠪᠠᠶᠠᠯᠢᠭ ᠮᠥᠩᠭᠦᠨ ᠭᠦᠢᠯᠭᠡᠭᠡᠨ ᠤ ᠮᠡᠳᠡᠭᠡ ᠵᠠᠩᠭᠢ ᠬᠠᠩᠭᠠᠪᠠ︔ ᠠᠵᠤ ᠠᠬᠤᠶᠢᠯᠠᠯ ᠤᠨ | ᠲᠥᠯᠥᠭᠡᠯᠡᠭᠴᠢ ᠪᠠᠰᠠ ᠪᠡᠯᠡ ᠲᠣᠬᠢᠷᠠᠭᠤᠯᠬᠤ ᠲᠠᠯ᠎ᠠ ᠪᠠᠷ ᠬᠢ ᠠᠰᠠᠭᠤᠳᠠᠯ ᠢᠶᠠᠨ ᠬᠤᠪᠢᠶᠠᠯᠴᠠᠵᠤ᠂ ᠮᠥᠩᠭᠦᠨ | ᠭᠦᠢᠯᠭᠡᠭᠡᠨ ᠤ ᠨᠢᠭᠡᠴᠢ ᠡᠳᠡᠭᠡᠷ ᠠᠰᠠᠭᠤᠳᠠᠯ ᠳᠤ ᠴᠢᠭᠯᠡᠭᠦᠯᠦᠨ᠂ ᠰᠢᠢᠳᠪᠦᠷᠢᠯᠡᠬᠦ ᠲᠥᠰᠦᠯ ᠢ ᠬᠠᠮᠲᠤ ᠪᠠᠷ ᠰᠤᠳᠤᠯᠤᠨ | ᠶᠠᠷᠢᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠥᠩᠭᠦᠨ ᠭᠦᠢᠯᠭᠡᠭᠡᠨ ᠤ ᠬᠠᠮᠵᠢᠯᠴᠠᠨ ᠬᠥᠭᠵᠢᠬᠦ | ᠨᠡᠶᠢᠯᠡᠯ ᠴᠡᠭ ᠢ ᠡᠷᠢᠯᠬᠢᠯᠡᠪᠡ᠃ | ᠲᠣᠰ ᠤᠳᠠᠭᠠᠨ ᠤ ᠬᠤᠷᠠᠯ ᠨᠢ ᠡᠯ᠎ᠡ ᠲᠠᠯ᠎ᠠ ᠶᠢᠨ ᠬᠢᠨ ᠤ ᠬᠠᠮᠵᠢᠯᠴᠠᠭ᠎ᠠ ᠪᠠᠨ ᠴᠢᠩᠭᠠᠳᠬᠠᠬᠤ ᠶᠢ | ᠵᠣᠷᠢᠭᠵᠢᠭᠤᠯᠵᠤ᠂ ᠣᠷᠳᠣ ᠬᠤᠭᠤᠴᠠᠭ᠎ᠠ ᠪᠠᠷ ᠲᠣᠭᠲᠠᠭᠤᠨ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ | ᠭᠦᠢᠯᠭᠡᠭᠡᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ | ᠦᠢᠯᠡᠴᠢᠯᠡᠭᠡ ᠪᠠᠨ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ | ᠦᠨᠡᠨ ᠬᠦ ᠰᠢᠢᠳᠪᠦᠷᠢᠯᠡᠵᠦ᠂ ᠬᠠᠷᠠᠴᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠥᠯᠥᠭᠡ ᠶᠤᠮ᠃ |