ᠠᠵᠢᠯᠴᠢᠨ ᠤ ᠡᠪᠯᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 5 | ᠰᠠᠷ᠎ᠠ ᠶᠢᠨ 18 ᠤ ᠡᠳᠦᠷ᠂ ᠬᠠᠷᠠᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠤᠰᠢᠭᠤᠨ ᠤ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠪᠣᠯᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠡᠷᠭᠢᠯᠡᠭᠰᠡᠨ ︽ᠬᠥᠳᠡᠯᠮᠦᠷᠢ ᠨᠢ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠵᠦ᠂ ᠬᠠᠤᠯᠢ ᠪᠠᠷ ᠵᠠᠰᠠᠬᠤ ᠠᠵᠢᠯ ᠨᠢ ᠠᠵᠢᠯᠲᠠᠨ ᠤ ᠰᠡᠳᠬᠢᠯ ᠢ | ᠭᠡᠷᠡᠯᠲᠦᠭᠦᠯᠦᠨ᠎ᠡ︾ ᠭᠡᠬᠦ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ | ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ | ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 12 ᠡᠩᠨᠡᠭᠡ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ᠂ ︽ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠠᠵᠢᠯᠴᠢᠨ ᠤ | ᠡᠪᠯᠡᠯ ᠤᠨ ᠬᠠᠤᠯᠢ︾᠂ ︽ᠬᠥᠳᠡᠯᠮᠦᠷᠢ ᠶᠢᠨ ᠬᠠᠤᠯᠢ︾᠂ ︽ᠥᠪᠥᠷ ᠮᠣᠩᠭᠤᠯ ᠤᠨ ᠠᠵᠢᠯᠴᠢᠨ ᠤ ᠡᠪᠯᠡᠯ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠦᠷᠢᠮ︾ ᠵᠡᠷᠭᠡ ᠡᠯ᠎ᠡ ᠲᠥᠷᠥᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢ ᠬᠥᠮᠦᠨ ᠤ ᠵᠠᠪᠠᠯ ᠬᠠᠷᠢᠭᠤᠯᠬᠤ | ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ | ᠰᠡᠳᠦᠪ ᠵᠢᠴᠢ ᠬᠥᠮᠦᠨ ᠤ ᠰᠡᠳᠬᠢᠯ ᠢ ᠬᠥᠪᠴᠢᠯᠡᠬᠦ ᠨᠡᠮᠡᠯᠲᠡ ᠬᠠᠷᠢᠭᠤᠯᠲᠠ ᠵᠡᠷᠭᠡ ᠣᠯᠠᠨ ᠭᠤᠭᠴᠤᠭ᠎ᠠ ᠪᠠᠷ | ᠳᠠᠮᠵᠢᠭᠤᠯᠤᠨ᠂ ᠠᠵᠢᠯᠲᠠᠨ ᠠᠵᠢᠯᠴᠢᠨ ᠤ ᠡᠳᠦᠷ ᠲᠤᠲᠤᠮ ᠤᠨ ᠠᠵᠢᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ | ᠬᠠᠤᠯᠢ ᠴᠠᠭᠠᠵᠠ ᠶᠢᠨ ᠮᠡᠳᠡᠯᠭᠡ ᠶᠢᠨ ᠴᠡᠭ ᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠳᠡᠯᠭᠡᠨ ᠦᠵᠡᠭᠦᠯᠪᠡ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠮᠡᠶᠢᠷᠡᠨ ᠪᠠᠯᠭᠠᠰᠤᠨ ᠤ ᠠᠵᠢᠯᠴᠢᠨ ᠤ ᠡᠪᠯᠡᠯ ᠤᠨ | ᠬᠤᠯᠪᠣᠭᠠᠲᠤ ᠬᠤᠷᠠᠯ ᠤᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠬᠦᠷᠲᠡᠪᠡ︔ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯᠴᠢᠨ ᠤ ᠡᠪᠯᠡᠯ ᠤᠨ ᠵᠥᠪᠯᠡᠯ᠂ ᠨᠠᠷᠢᠨ | ᠪᠠᠯᠭᠠᠰᠤᠨ ᠤ ᠠᠵᠢᠯᠴᠢᠨ ᠤ ᠡᠪᠯᠡᠯ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠬᠦᠷᠲᠡᠪᠡ︔ | ᠰᠢ ᠴᠢᠶᠣᠤ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠂ ᠾᠧᠪᠸᠢ ᠵᠡᠭᠡᠯᠢ ᠭᠤᠳᠤᠮᠵᠢ ᠶᠢᠨ | ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠂ ᠨᠢᠦ ᠵᠢᠶᠠ ᠶᠢᠩᠽᠢ ᠪᠠᠯᠭᠠᠰᠤᠨ ᠤ ᠠᠵᠢᠯᠴᠢᠨ ᠤ ᠡᠪᠯᠡᠯ ᠤᠨ | ᠬᠤᠯᠪᠣᠭᠠᠲᠤ ᠬᠤᠷᠠᠯ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠬᠦᠷᠲᠡᠪᠡ︔ | ᠤᠯᠠᠭᠠᠨᠬᠠᠳᠠ ᠶᠢᠨ ᠱᠠᠨ ᠱᠦᠢ ᠶᠤᠸᠠᠨ ᠬᠠᠩ ᠱᠦᠢᠨᠢ ᠶᠢᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ | ᠵᠥᠪᠯᠡᠯ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠵᠥᠪᠯᠡᠯ᠂ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠠᠵᠢᠯᠴᠢᠨ ᠤ ᠡᠪᠯᠡᠯ ᠤᠨ ᠵᠥᠪᠯᠡᠯ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠴᠢᠨ ᠤ ᠡᠪᠯᠡᠯ ᠤᠨ ᠵᠥᠪᠯᠡᠯ᠂ ᠬᠤᠰᠢᠭᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ | ᠠᠵᠢᠯᠴᠢᠨ ᠤ ᠡᠪᠯᠡᠯ ᠤᠨ ᠵᠥᠪᠯᠡᠯ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠵᠥᠪᠯᠡᠯ ᠵᠡᠷᠭᠡ 6 ᠲᠥᠯᠥᠭᠡᠯᠡᠭᠴᠢᠳ ᠤᠨ ᠠᠩᠭᠢ | ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠪᠡ᠃ | ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ ᠡᠯ᠎ᠡ ᠦᠨᠳᠦᠰᠦᠨ | ᠱᠠᠲᠤᠨ ᠤ ᠠᠵᠢᠯᠴᠢᠨ ᠤ ᠡᠪᠯᠡᠯ ᠤᠨ 40 ᠠᠩᠭᠢ ᠶᠢᠨ 120 ᠠᠵᠢᠯᠲᠠᠨ ᠠᠵᠢᠯᠴᠢᠨ ᠣᠷᠣᠯᠴᠠᠵᠠᠶ᠃ |