5 ᠰᠠᠷ᠎ᠠ ᠶᠢᠨ 23 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ 2025 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ | ᠭᠠᠵᠠᠷ ᠤᠨ ᠲᠠᠰ ᠤᠨ ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃ ᠬᠤᠷᠠᠯ ᠳᠡᠭᠡᠷ᠎ᠡ ︽ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ | ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠠᠴᠠ ᠯᠢ ᠰᠢᠶᠠᠨ ᠯᠢᠨ᠂ | ᠶᠧ ᠶᠢᠨ ᠭᠤᠸᠠᠩ ᠵᠡᠷᠭᠡ ᠬᠥᠮᠦᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ︾᠂ ︽ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠵᠢᠴᠢ ︽ᠨᠠᠢᠮᠠᠨ ᠲᠣᠭᠲᠠᠭᠠᠯ ᠢᠶᠠᠷ ᠳᠤᠮᠳᠠᠳᠤ | ᠤᠯᠤᠰ ᠢ ᠬᠤᠪᠢᠷᠠᠭᠤᠯᠬᠤ︾ ᠶᠢ ᠬᠠᠮᠲᠤ ᠪᠠᠷ ᠰᠤᠷᠤᠯᠴᠠᠪᠠ᠃ ᠵᠤᠤ ᠶᠠᠨ ᠬᠤᠩ᠂ ᠪᠠᠢ ᠯᠢᠩ ᠵᠡᠷᠭᠡ 11 ᠨᠥᠬᠦᠳ | ᠬᠤᠯᠪᠣᠭᠳᠠᠯ ᠪᠦᠬᠦᠢ ᠠᠭᠤᠯᠭ᠎ᠠ ᠶᠢᠨ ᠲᠣᠭᠤᠷᠢᠨ ᠳᠤ ᠲᠥᠪᠯᠡᠷᠡᠭᠦᠯᠦᠨ ᠰᠠᠨᠠᠯ ᠢᠶᠠᠨ ᠰᠣᠯᠢᠯᠴᠠᠵᠤ ᠰᠤᠳᠤᠯᠤᠨ | ᠶᠠᠷᠢᠯᠴᠠᠵᠠᠢ᠃ ᠬᠤᠷᠠᠯ ᠠᠴᠠ ᠪᠠᠰᠠ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠠᠵᠢᠯ ᠤᠨ ᠲᠦᠷᠢᠮ︾ ᠤᠨ ᠲᠤᠬᠠᠶ ᠰᠤᠷᠤᠯᠴᠠᠯᠭ᠎ᠠ ᠥᠷᠨᠢᠭᠦᠯᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠵᠢᠴᠢ ᠳᠡᠭᠡᠳᠦ | ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ | ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠨᠣᠯ ᠤᠨ ᠰᠤᠷᠤᠯᠴᠠᠯᠭ᠎ᠠ ᠶᠢ | ᠦᠷᠭᠦᠯᠵᠢᠯᠡᠨ ᠰᠠᠶᠢᠲᠤᠷ ᠠᠳᠬᠤᠵᠤ᠂ ︽ᠲᠥᠪᠯᠡᠷᠡᠭᠦᠯᠦᠨ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ | ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ︾ ᠠᠵᠢᠯᠯᠠᠭ᠎ᠠ ᠲᠠᠢ ᠤᠶᠠᠯᠳᠤᠭᠤᠯᠤᠨ᠂ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠨᠠᠷᠢᠨ | ᠬᠢᠨᠠᠮᠠᠭᠠᠶ ᠰᠤᠷᠤᠯᠴᠠᠵᠤ᠂ ᠲᠡᠭᠦᠨ ᠢ ᠦᠨᠡᠨ ᠬᠦ ᠤᠬᠠᠮᠰᠠᠷᠲᠤ ᠠᠵᠢᠯᠯᠠᠭ᠎ᠠ᠂ ᠠᠵᠢᠯ ᠤᠨ ᠣᠪᠣᠷ᠂ ᠠᠮᠢᠳᠤᠷᠠᠯ ᠤᠨ | ᠳᠠᠳᠬᠠᠯ ᠪᠣᠯᠭᠠᠬᠤ ᠬᠡᠷᠡᠭᠲᠡᠶ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠠᠷᠬᠠᠭ | ᠭᠡᠮ ᠢ ᠰᠢᠢᠳᠪᠦᠷᠢᠯᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢᠨ ᠠᠰᠠᠭᠤᠳᠠᠯ ᠵᠢᠴᠢ ᠡᠯ᠎ᠡ ᠵᠦᠢᠯ ᠤᠨ ᠣᠨᠳᠣᠣᠰᠢᠭᠰᠠᠨ ᠢᠯᠡᠷᠡᠯ ᠢ ᠴᠠᠭ ᠢᠮᠠᠭᠲᠠ ᠥᠨᠳᠥᠷ | ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ | ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠬᠤᠷᠢᠶᠠᠵᠤ ᠬᠦᠷᠭᠡᠬᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠡᠶᠢᠲᠡᠯᠢᠭ ᠵᠢᠱᠢᠶ᠎ᠡ ᠶᠢ ᠴᠢᠩᠭ᠎ᠠ ᠠᠳᠬᠤᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ | ᠴᠢᠩᠭ᠎ᠠ ᠱᠠᠭᠠᠷᠳᠠᠯᠭ᠎ᠠ ᠶᠢ ᠰᠢᠶᠠᠩ ᠪᠠᠯᠭᠠᠰᠤ ᠲᠣᠰᠬᠤᠨ ᠳᠤᠭᠤᠶᠢᠯᠠᠩ ᠳᠤ ᠳᠠᠮᠵᠢᠭᠤᠯᠵᠤ᠂ ᠬᠥᠳᠡᠭᠡ ᠲᠣᠰᠬᠤᠨ ᠤ | ᠨᠠᠮ ᠤᠨ ᠭᠡᠰᠢᠭᠦᠨ ᠳᠤ ᠳᠠᠮᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠠᠷᠠᠴᠢᠨ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠢ᠃ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠴᠢᠬᠤᠯᠠᠴᠢᠯᠠᠵᠤ᠂ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠦᠬᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢ ᠲᠥᠯᠥᠪᠵᠢᠭᠦᠯᠬᠦ ᠲᠠᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ | ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ | ᠠᠵᠢᠯ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠤᠷᠲᠠᠯ᠂ ᠰᠠᠶᠢᠨ ᠠᠷᠭ᠎ᠠ ᠬᠡᠮᠵᠢᠶ᠎ᠡ᠂ | ᠰᠠᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠯᠢᠳᠡᠭ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠶᠢ | ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ ᠭᠡᠵᠠᠢ᠃ |