ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 90 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/26
   5 ᠰᠠᠷ᠎ᠠ ᠶᠢᠨ 23 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 90 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠪᠠ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠤᠳᠠᠭ᠎ᠠ ᠶᠢᠨ ᠬᠤᠷᠠᠯ ᠪᠣᠯᠤᠨ ᠲᠥᠪ ᠤᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠠᠯᠪᠠᠨ ᠭᠡᠷ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠨᠡᠶᠢᠲᠡᠯᠢᠭ ᠠᠰᠠᠭᠤᠳᠠᠯ ᠤᠨ ᠲᠤᠬᠠᠢ ᠵᠠᠷᠯᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠲᠥᠯᠥᠪᠯᠡᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠲᠦᠷᠦᠯ ᠵᠦᠢᠯ ᠢ ᠲᠥᠯᠥᠪᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠲᠤᠰ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠬᠦ ᠬᠡᠷᠡᠭᠲᠡᠢ᠃ ᠡᠭᠦᠨ ᠤ ᠬᠠᠮᠲᠤ᠂ ᠠᠵᠤ ᠠᠬᠤᠶ ᠶᠢᠨ ᠠᠵᠢᠯ ᠤᠨ ᠨᠢᠭᠡᠳᠦᠭᠡᠷ ᠹᠷᠣᠨᠲ ᠢ ᠺᠠᠳ᠋ᠷ ᠬᠥᠮᠦᠵᠢᠭᠦᠯᠬᠦ ︽ᠴᠡᠷᠢᠭ ᠤᠨ ᠪᠣᠯᠪᠠᠰᠤᠷᠠᠯ ᠤᠨ ᠲᠠᠯᠠᠪᠤᠷ ︾ ᠪᠣᠯᠭᠠᠵᠤ᠂ ᠠᠵᠤ ᠠᠬᠤᠶ ᠶᠢ ᠮᠡᠳᠡᠬᠦ᠂ ᠠᠵᠤ ᠦᠢᠯᠡᠰ ᠢ ᠣᠶᠢᠯᠠᠭᠠᠬᠤ᠂ ᠲᠥᠷᠥᠯ ᠵᠦᠢᠯ ᠢ ᠮᠡᠳᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠦᠨᠡᠨ ᠬᠦ ᠬᠥᠮᠦᠵᠢᠭᠦᠯᠬᠦ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠢ ᠰᠤᠷᠤᠯᠴᠠᠵᠤ᠂ ᠪᠣᠳᠠᠲᠠᠢ ᠪᠠᠶᠢᠴᠠᠭᠠᠵᠤ᠂ ᠲᠤᠭᠤᠰᠢᠲᠠᠢ ᠥᠭᠡᠷᠡᠴᠢᠯᠡᠬᠦ ᠶᠢ ᠴᠢᠷᠮᠠᠶᠢᠨ ᠪᠡᠶᠡᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃   ᠬᠤᠷᠠᠯ ᠠᠴᠠ ᠪᠠᠰᠠ ᠪᠤᠰᠤᠳ ᠵᠦᠢᠯ ᠢ ᠶᠠᠷᠢᠯᠴᠠᠵᠠᠢ᠃    ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号