ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 89 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
  5 ᠰᠠᠷ᠎ᠠ ᠶᠢᠨ 9 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 89 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠪᠣᠯᠤᠨ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠦᠵᠡᠬᠦ ᠵᠢᠴᠢ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠲᠥᠪᠯᠡᠷᠡᠭᠦᠯᠦᠨ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ︾ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃   ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠨ᠂ ︽ᠰᠠᠶᠢᠨ ᠡᠬᠢᠯᠡᠯᠲᠡ︾ ᠶᠢ ᠪᠡᠶᠡᠯᠡᠭᠦᠯᠵᠡᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠴᠢᠷᠮᠠᠶᠢᠵᠤ᠂ ᠡᠷᠴᠢ ᠵᠣᠷᠢᠭ ᠢᠶᠠᠨ ᠬᠥᠪᠴᠢᠯᠡᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠬᠤᠶᠠᠳᠤᠭᠠᠷ ᠤᠯᠠᠷᠢᠯ ᠳᠤ ᠬᠦᠴᠦᠯᠡᠨ ᠰᠢᠪᠲᠤᠯᠤᠯᠲᠠ ᠬᠢᠬᠦ ᠬᠡᠷᠡᠭᠲᠡᠶ᠃ ᠬᠠᠷᠠᠯᠲᠠ ᠪᠠᠨ ᠲᠣᠭᠲᠠᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠰᠢᠭᠤᠨ ᠲᠠᠰ ᠤᠨ ᠤᠳᠤᠷᠢᠳᠬᠤ ᠺᠠᠳ᠋ᠷ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠨᠡᠪᠲᠡᠷᠬᠡᠶ ᠣᠶᠢᠯᠠᠭᠠᠵᠤ᠂ ᠠᠵᠢᠯ ᠢ ᠬᠢᠨᠠᠨ ᠵᠢᠯᠣᠭᠤᠳᠬᠤ ᠮᠥᠷᠲᠡᠭᠡᠨ ᠪᠠᠰᠠ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠠᠵᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠭᠤᠤᠯᠳᠠᠯᠭ᠎ᠠ ᠲᠠᠢ ᠠᠰᠠᠭᠤᠳᠠᠯ ᠤᠨ ᠰᠢᠪᠲᠤᠯᠤᠯᠲᠠ ᠪᠠᠷ ᠪᠦᠬᠦᠯᠢ ᠴᠣᠭᠴᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠲᠠᠢ ᠨᠢᠭᠡᠳᠦᠯᠲᠡᠢ ᠴᠡᠭᠴᠡᠯᠡᠨ ᠵᠠᠰᠠᠬᠤ ᠶᠢ ᠲᠥᠯᠥᠪᠵᠢᠭᠦᠯᠦᠨ ᠰᠦᠪᠡᠭᠴᠢᠯᠡᠵᠦ᠂ ᠬᠠᠮᠵᠢᠯᠴᠠᠨ ᠠᠬᠢᠭᠤᠯᠵᠤ᠂ ᠰᠤᠷᠲᠠᠯ ᠢᠯᠵᠠᠷᠡᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠲᠤᠪᠤᠶᠢᠯᠭᠠᠵᠦ᠂ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠳᠤ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ ᠰᠢᠨ᠎ᠡ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号