ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠬᠠᠷᠠᠴᠢᠨ ᠬᠤᠰᠢᠭᠤᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/10
   6 ᠰᠠᠷ᠎ᠠ ᠶᠢᠨ 9 ᠤ ᠡᠳᠦᠷ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᡁᠢ ᠬᠠᠶ ᠵᠢᠶᠧ ᠬᠠᠷᠠᠴᠢᠨ ᠬᠤᠰᠢᠭᠤᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠪᠠᠶᠢᠴᠠᠭᠠᠨ ᠰᠤᠳᠤᠯᠪᠠ᠃   ᡁᠢ ᠬᠠᠢ ᠵᠢᠶᠧ ᠤᠷᠢᠳ ᠬᠤᠵᠢᠳ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠵᠢᠨᠱᠠᠨ ᠪᠠᠯᠭᠠᠰᠤᠨ ᠤ ᠴᠢᠬᠢ ᠪᠤᠶᠢᠵᠢᠭᠤᠯᠬᠤ ᠦᠢᠯᠡᠳᠪᠦᠷᠢ᠂ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠠ ᠠᠨ ᠱᠠᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠲᠣᠬᠤᠨᠢᠭᠤᠯᠪᠠ᠃ ᠳᠠᠷᠠᠭ᠎ᠠ ᠨᠢ ᠶᠠᠷᠢᠯᠴᠠᠨ ᠰᠣᠯᠢᠯᠴᠠᠪᠠ᠃   ᠰᠠᠭᠤᠳᠠᠯ ᠤᠨ ᠬᠤᠷᠠᠯ ᠳᠡᠭᠡᠷ᠎ᠡ᠂ ᠵᠤᠤ ᠶᠠᠨ ᠬᠤᠩ ᠪᠡᠭᠡᠵᠢᠩ ᠬᠤᠳᠠ ᠵᠢᠨ‌‍ᠰᠢ ᠴᠧᠩ ᠲᠣᠭᠤᠷᠢᠭ ᠤᠨ ᠬᠠᠷᠠᠴᠢᠨ ᠬᠤᠰᠢᠭᠤᠨ ᠳᠤ ᠦᠵᠡᠭᠦᠯᠦᠭᠰᠡᠨ ᠴᠢᠩ ᠰᠡᠳᠬᠢᠯ ᠠᠴᠠ ᠪᠠᠨ ᠬᠠᠪᠰᠤᠷᠤᠨ ᠲᠡᠳᠬᠦᠬᠦ ᠪᠠ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠢ ᠴᠧᠩ ᠲᠣᠭᠤᠷᠢᠭ ᠪᠣᠯᠤᠨ ᠬᠠᠷᠠᠴᠢᠨ ᠬᠤᠰᠢᠭᠤᠨ ᠤ ᠬᠤᠶᠠᠷ ᠭᠠᠵᠠᠷ ᠤᠨ ᠬᠠᠷᠢᠴᠠᠭ᠎ᠠ ᠦᠳᠲᠡᠷ ᠲᠦᠷᠭᠡᠨ ᠬᠥᠭᠵᠢᠵᠦ᠂ ᠠᠭᠤᠰᠤᠯᠴᠠᠯ ᠬᠠᠮᠵᠢᠯᠴᠠᠭ᠎ᠠ ᠤᠯᠠᠮ ᠠᠴᠠ ᠤᠯᠠᠮ ᠭᠦᠨᠵᠡᠭᠡᠶ᠂ ᠤᠯᠠᠮ ᠠᠴᠠ ᠤᠯᠠᠮ ᠰᠠᠶᠢᠵᠢᠷᠠᠵᠤ᠂ ᠰᠢ ᠴᠧᠩ ᠲᠣᠭᠤᠷᠢᠭ ᠤᠨ ᠦᠨᠡᠨ ᠰᠡᠳᠬᠢᠯᠭᠡ ᠶᠢᠨ ᠬᠠᠯᠠᠮᠵᠢ ᠬᠠᠪᠰᠤᠷᠤᠯᠭ᠎ᠠ ᠨᠢ ᠬᠠᠷᠠᠴᠢᠨ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠶᠡᠬᠡᠳᠡ ᠳᠣᠭᠳᠣᠯᠤᠭᠤᠯᠵᠤ᠂ ᠶᠡᠬᠡᠳᠡ ᠵᠣᠷᠢᠭᠵᠢᠭᠤᠯᠤᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠬᠠᠷᠠᠴᠢᠨ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠳᠤ ᠭᠦᠢᠴᠡᠳ ᠲᠦᠰᠢᠭᠯᠡᠵᠦ᠂ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠢ ᠤᠨᠢᠨ ᠳᠡᠭᠡᠷ᠎ᠡ ᠨᠢ ᠵᠣᠯᠭᠠᠭᠤᠯᠬᠤ ᠶᠢ ᠴᠢᠩᠭᠠᠳᠬᠠᠵᠤ᠂ ᠨᠡᠩ ᠨᠡᠭᠡᠭᠡᠯᠲᠡ ᠲᠠᠢ ᠣᠪᠣᠷ ᠪᠠᠶᠢᠳᠠᠯ ᠪᠣᠯᠣᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠠᠮᠲᠤᠷᠠᠯᠴᠠᠭ᠎ᠠ ᠶᠢ ᠨᠡᠩ ᠥᠷᠭᠡᠨ ᠬᠦᠷᠢᠶ᠎ᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ  ᠬᠢᠷᠢ ᠲᠦᠪᠰᠢᠨ ᠲᠡᠰᠢ ᠤᠷᠤᠭᠰᠢᠯᠠᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ ᠭᠡᠵᠠᠢ᠃   ᡁᠢ ᠬᠠᠶ ᠵᠢᠶᠧ ᠢᠯᠡᠷᠬᠡᠶᠢᠯᠡᠬᠦ ᠳᠡᠭᠡᠨ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠨᠳᠥᠷ ᠪᠠᠶᠢᠷᠢ ᠳᠤ ᠵᠣᠯᠭᠠᠯᠴᠠᠵᠤ᠂ ᠥᠨᠳᠥᠷ ᠪᠦᠲᠦᠮᠵᠢᠲᠡᠶ ᠪᠠᠷ ᠬᠠᠮᠵᠢᠯᠴᠠᠵᠤ᠂ ᠣᠯᠠᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ᠂ ᠦᠨᠡᠨ ᠰᠡᠳᠬᠢᠯ᠂ ᠦᠨᠡᠨ ᠪᠣᠳᠠᠲᠠᠶ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠣᠯᠠᠨ ᠲᠦᠮᠡᠨ ᠪᠣᠳᠠᠲᠤ ᠠᠰᠢᠭ ᠭᠥᠷᠳᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠣᠯᠵᠠᠶ᠃ ᠳᠠᠷᠠᠭᠠᠴᠢ ᠶᠢᠨ ᠠᠯᠬᠤᠮ ᠳᠤ᠂ ᠰᠢ ᠴᠧᠩ ᠲᠣᠭᠤᠷᠢᠭ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠬᠠᠮᠲᠤᠷᠠᠯᠴᠠᠭᠠᠨ ᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠷᠠᠴᠢᠨ ᠬᠤᠰᠢᠭᠤᠨ ᠤ ᠰᠢᠨ᠎ᠡ ᠬᠥᠭᠵᠢᠯᠲᠡ ᠲᠠᠢ ᠪᠣᠯᠬᠤ ᠳᠤ ᠬᠦᠴᠦᠨ ᠨᠡᠮᠡᠷᠢᠯᠡᠨ᠎ᠡ᠃   ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠱᠸᠤ ᠬᠠᠶ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠹᠦ᠋ ᠱᠸᠤ ᠯᠢ ᠵᠢᠴᠢ ᠬᠤᠰᠢᠭᠤᠨ ᠤ ᠱᠠᠲᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号