ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/16
ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ   6 ᠰᠠᠷ᠎ᠠ ᠶᠢᠨ 14 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠤᠢᠢᠷ᠎ᠠ ᠶᠢᠨ ᠬᠤᠭᠤᠴᠠᠭᠠᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠤᠤ ᠶᠠᠨ ᠬᠤᠩ ᠬᠤᠷᠠᠯ ᠳᠤ ᠣᠷᠣᠯᠴᠠᠭᠰᠠᠳ ᠲᠠᠢ ᠬᠠᠮᠲᠤ ᠪᠠᠷ ᠰᠡᠳᠬᠢᠯ ᠤᠨ ᠦᠭᠡ ᠪᠠᠨ ᠶᠠᠷᠢᠯᠴᠠᠪᠠ᠃   ᠵᠤᠤ ᠶᠠᠨ ᠬᠤᠩ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠪᠣᠯ ᠨᠢᠭᠡ ᠵᠦᠢᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠤᠨ ᠡᠭᠦᠷᠭᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠤᠯᠠᠮᠵᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠷᠢᠭ᠎ᠠ ᠱᠤᠭᠤᠮ ᠢ ᠪᠠᠲᠤ ᠰᠠᠬᠢᠵᠤ᠂ ᠰᠥᠰᠥ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ ᠪᠠᠨ ᠪᠠᠷᠢᠬᠤ ᠬᠦᠴᠦᠨ ᠢᠶᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠳᠤᠷᠢᠳᠬᠤ ᠺᠠᠳ᠋ᠷ ᠥᠪᠡᠷ ᠢ ᠪᠠᠨ ᠬᠠᠮᠢᠶᠠᠷᠬᠤ ᠪᠠᠷ ᠪᠠᠷᠠᠬᠤ ᠦᠭᠡᠢ ᠪᠠᠰᠠ ᠤᠳᠤᠷᠢᠳᠤᠯᠭ᠎ᠠ ᠶᠢᠨ ᠪᠠᠭ ᠢᠶᠠᠨ ᠰᠠᠶᠢᠲᠤᠷ ᠬᠠᠮᠢᠶᠠᠷᠴᠤ᠂ ᠤᠳᠤᠷᠢᠳᠬᠤ ᠡᠩᠨᠡᠭᠡ ᠪᠠᠨ ᠰᠠᠶᠢᠲᠤᠷ ᠳᠠᠭᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠴᠢᠩᠭ᠎ᠠ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠲᠦᠷᠦᠭᠦᠯᠡᠨ ᠡᠰᠡᠷᠭᠦᠴᠡᠨ ᠬᠤᠷᠢᠭᠯᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠴᠢᠩᠭ᠎ᠠ ᠪᠠᠶᠢᠴᠠᠭᠠᠵᠤ ᠴᠢᠩᠭ᠎ᠠ ᠵᠠᠰᠠᠬᠤ᠂ ᠭᠠᠵᠢᠭᠤ ᠳᠠᠳᠬᠠᠯ ᠪᠠ ᠢᠯᠵᠡᠷᠡᠯ ᠢ ᠵᠡᠷᠭᠡ ᠪᠠᠷ ᠪᠠᠶᠢᠴᠠᠭᠠᠨ ᠵᠠᠰᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ᠂ ︽ᠲᠦᠷᠪᠡᠨ ᠰᠤᠷᠲᠠᠯ︾ ᠤᠨ ᠠᠰᠠᠭᠤᠳᠠᠯ ᠢ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠦᠴᠦᠷᠬᠡᠭ ᠶᠡᠭᠡ ᠰᠦᠷᠳᠡᠭᠦᠯᠬᠦ ᠬᠦᠴᠦᠨ ᠢ ᠪᠤᠢ ᠪᠣᠯᠭᠠᠬᠤ ᠬᠡᠷᠡᠭᠲᠡᠢ᠃   ᠵᠤᠤ ᠶᠠᠨ ᠬᠤᠩ ᠪᠠᠰᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠦᠶᠡᠷ ᠢ ᠰᠡᠷᠭᠡᠶᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠬᠤᠷᠠᠯ ᠳᠤ ᠰᠤᠯᠠ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号