ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ ᠡᠬᠢᠯᠡᠪᠡ
ᠨᠡᠶᠢᠲᠡᠯᠡᠭᠰᠡᠨ ᠴᠠᠭ᠄
2025/6/16
ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ ᠡᠬᠢᠯᠡᠪᠡ   ᠣᠶᠢᠷ᠎ᠠ ᠳᠤ᠂ ᠵᠢᠨᠱᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠸᠠᠩ ᠶᠧ ᠳ᠋ᠢᠶᠠᠨ ᠪᠠᠭ᠎ᠠ ᠰᠤᠷᠭᠠᠭᠤᠯᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠠᠷ ᠢ ᠠᠮᠵᠢᠯᠲᠠ ᠲᠠᠢ ᠡᠷᠭᠢᠯᠡᠵᠦ᠂ ᠪᠠᠭᠰᠢ ᠰᠤᠷᠤᠭᠴᠢᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠪᠦᠲᠦᠭᠡᠯᠴᠢ ᠰᠡᠳᠬᠢᠮᠵᠢ ᠶᠢᠨ ᠦᠵᠡᠭᠦᠯᠦᠯᠭᠡ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠪᠡᠳᠡᠭᠰᠢ ᠨᠠᠶᠢᠷ ᠢ ᠬᠠᠮᠲᠤ ᠪᠠᠷ ᠭᠡᠷᠡᠴᠢᠯᠡᠪᠡ᠃   ᠵᠢᠨᠱᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠤ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠰᠣᠳᠣᠨ ᠭᠤᠭᠴᠤᠭ᠎ᠠ ᠨᠢ ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ ᠤᠨ ᠨᠢᠭᠡᠨ ᠶᠡᠭᠡ ᠬᠢᠯᠠᠰ ᠴᠡᠭ ᠪᠣᠯᠵᠣ᠂ ᠪᠠᠭᠰᠢ ᠨᠠᠷ ᠣᠷᠭᠢᠯᠤᠮ᠎ᠠ ᠬᠠᠯᠠᠭᠤᠨ ᠰᠡᠳᠬᠢᠯᠭᠡ᠂ ᠲᠤᠰᠬᠠᠶ ᠮᠡᠷᠭᠡᠵᠢᠯ ᠤᠨ ᠮᠡᠳᠡᠯᠭᠡ ᠪᠠ ᠠᠮᠢᠳᠤᠯᠢᠭ ᠲᠠᠶᠢᠯᠪᠤᠷᠢᠯᠠᠯᠲᠠ ᠪᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠹᠢᠽᠢᠺ ᠤᠨ ᠲᠤᠷᠰᠢᠯᠲᠠ ᠶᠢᠨ ᠦᠵᠡᠭᠦᠯᠦᠯᠭᠡ ᠳᠤ ᠣᠷᠣᠯᠴᠠᠵᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠣᠨᠢᠭᠤᠴᠢ ᠰᠡᠳᠬᠢᠯᠭᠡ ᠪᠠ ᠮᠡᠳᠡᠯᠭᠡ ᠰᠤᠷᠬᠤ ᠬᠦᠰᠡᠯ ᠢ ᠲᠦᠢᠯ ᠤᠨ ᠶᠡᠭᠡ ᠪᠠᠷ ᠬᠥᠭᠵᠢᠭᠡᠪᠡ᠃ ᠰᠤᠷ ᠬᠠᠷᠪᠤᠯᠲᠠ ᠳᠤᠮᠳᠠ ᠰᠤᠷᠤᠭᠴᠢᠳ ᠤᠨ ᠪᠦᠲᠦᠭᠡᠯᠴᠢ ᠤᠷᠮ᠎ᠠ ᠵᠣᠷᠢᠭ ᠭᠦᠢᠴᠡᠳ ᠣᠷᠭᠢᠯᠠᠪᠠ᠃ ᠲᠡᠳᠡ ᠳᠥᠬᠦᠮᠬᠡᠨ ᠰᠦᠯᠢᠶᠥᠦ ᠯᠣᠩᠬᠤ᠂ ᠤᠰᠤ ᠪᠣᠯᠣᠨ ᠠᠭᠠᠷ ᠢᠶᠠᠷ ︽ᠵᠢᠵᠢᠭ ᠲᠡᠶᠢᠷᠦᠯᠲᠦ ᠰᠤᠮᠤ︾ ᠶᠢ ᠦᠢᠯᠡᠳᠴᠦ᠂ ᠪᠠᠰᠠ ᠰᠤᠷᠤᠭᠴᠢᠳ ᠲᠡᠩᠴᠠᠭᠦᠦ ᠢᠶᠣᠨ ᠤ ᠯᠤᠭᠰᠢᠯᠲᠠ ᠶᠢ ᠬᠢᠵᠦ ᠴᠢᠳᠠᠬᠤ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠤᠭᠠᠴᠠᠯ ᠤᠨ ᠬᠦᠷᠢᠶᠡᠯᠡᠩ ᠨᠢ ᠠᠳᠠᠯᠢᠬᠠᠨ ᠭᠤᠶᠢᠳᠠ ᠰᠠᠶᠢᠬᠠᠨ ᠪᠠᠶᠢᠵᠤ᠂ ᠠᠩᠬ᠎ᠠ ᠵᠡᠷᠭᠡ ᠶᠢᠨ ᠨᠢᠭᠡᠳᠦᠭᠡᠷ ᠣᠨ ᠤ ᠦᠵᠡᠭᠦᠯᠦᠯᠭᠡ ᠶᠢᠨ ᠲᠣᠭᠤᠷᠢᠭ᠂ ᠢᠷᠡᠭᠡᠳᠦᠢ ᠶᠢᠨ ᠦᠵᠡᠭᠦᠯᠦᠯᠭᠡ ᠶᠢᠨ ᠲᠣᠭᠤᠷᠢᠭ᠂ ᠠᠩᠬ᠎ᠠ ᠵᠡᠷᠭᠡ ᠶᠢᠨ ᠬᠤᠶᠠᠳᠤᠭᠠᠷ ᠣᠨ ᠤ ᠦᠵᠡᠭᠦᠯᠦᠯᠭᠡ ᠶᠢᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮ ᠲᠡᠷᠭᠡ ᠶᠢᠨ ᠬᠠᠷᠢᠯᠴᠠᠨ ᠬᠥᠳᠡᠯᠦᠯᠴᠡᠬᠦ ᠦᠵᠡᠭᠦᠯᠦᠯᠭᠡ ᠶᠢᠨ ᠲᠣᠭᠤᠷᠢᠭ ᠵᠡᠷᠭᠡ ᠲᠦᠷᠪᠡᠨ ᠦᠵᠡᠭᠦᠯᠦᠯᠭᠡ ᠶᠢᠨ ᠲᠣᠭᠤᠷᠢᠭ ᠢ ᠲᠤᠬᠢᠷᠠᠭᠤᠯᠪᠠ᠃ ᠴᠠᠭᠠᠰᠤᠨ ᠬᠥᠭᠦᠷᠭᠡ ᠶᠢᠨ ᠬᠦᠨᠳᠦ ᠶᠢᠨ ᠬᠡᠮᠵᠢᠶ᠎ᠡ᠂ ᠲᠠᠶᠢᠪᠤᠩ ᠴᠠᠬᠢᠯᠭᠠᠨ ᠲᠡᠮᠳᠡᠭ ᠲᠠᠢ ᠵᠢᠭᠠᠰᠤ᠂ ᠥᠪᠡᠷ ᠢᠶᠠᠨ ᠵᠦᠷᠵᠢ ᠶᠢᠨ ᠴᠢᠱᠦ᠋ᠶ ᠬᠢᠬᠦ ᠵᠡᠷᠭᠡ ᠰᠣᠨᠢᠷᠬᠠᠯᠲᠤ ᠲᠦᠷᠦᠯ ᠵᠦᠢᠯ ᠨᠢ ᠰᠤᠷᠤᠭᠴᠢᠳ ᠤᠨ ᠢᠳᠡᠪᠬᠢᠲᠡᠢ ᠠᠵᠢᠭᠯᠠᠯᠲᠠ᠂ ᠣᠶᠢᠯᠠᠭᠠᠯᠲᠠ ᠪᠠ ᠰᠦᠪᠡᠭᠴᠢᠯᠡᠯᠲᠡ ᠶᠢ ᠲᠠᠲᠠᠪᠠ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠠᠩᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠨᠢ ᠬᠡᠦᠬᠡᠳ ᠤᠳ ᠲᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠲᠠᠢ ᠣᠶᠢᠷᠠᠲᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷ ᠦᠭᠡᠢ ᠷᠢᠳᠢ ᠰᠢᠳᠢ ᠶᠢ ᠮᠠᠳᠡᠷᠡᠭᠦᠯᠪᠡ᠃ ᠠᠵᠢᠯᠯᠠᠭ᠎ᠠ ᠶᠢᠨ ᠡᠴᠦᠰ ᠲᠤ᠂ ᠰᠤᠷᠭᠠᠭᠤᠯᠢ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ ᠤᠨ ᠳᠤᠮᠳᠠ ᠰᠢᠯᠢᠳᠡᠭ ᠢᠯᠡᠷᠡᠯ ᠲᠠᠢ ᠬᠠᠮᠲᠤ ᠨᠡᠶᠢᠲᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃   ᠸᠠᠩ ᠶᠧ ᠳ᠋ᠢᠶᠠᠨ ᠪᠠᠭ᠎ᠠ ᠰᠤᠷᠭᠠᠭᠤᠯᠢ ᠶᠢᠨ ᠰᠤᠷᠤᠭᠴᠢᠳ ᠨᠠᠷᠢᠨ ᠨᠢᠮᠪᠠᠢ ᠪᠡᠯᠡᠳᠬᠡᠭᠰᠡᠨ ᠰᠢᠨᠵᠢᠯᠡᠬᠦ ᠤᠬᠠᠭᠠᠨ ᠤ ᠡᠭᠦᠳᠦᠯᠲᠡ ᠶᠢᠨ ᠪᠦᠲᠦᠭᠡᠯ ᠪᠣᠯᠤᠨ ᠤᠰᠤᠨ ᠲᠡᠶᠢᠷᠦᠯᠲᠦ ᠰᠤᠮᠤ ᠬᠠᠷᠪᠤᠬᠤ ᠲᠦᠷᠦᠯ ᠵᠦᠢᠯ ᠢ ᠳᠡᠯᠭᠡᠨ ᠦᠵᠡᠭᠦᠯᠵᠡᠢ᠃ ᠳᠥᠭᠦᠮ ᠮᠠᠰᠢᠨ ᠬᠥᠮᠦᠨ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠯᠴᠢ ᠵᠠᠭᠪᠤᠷ ᠬᠦᠷᠲᠡᠯ᠎ᠡ᠂ ᠳᠦᠷᠰᠦᠯᠡᠨ ᠪᠣᠳᠣᠬᠤ ᠴᠢᠳᠠᠪᠤᠷᠢ ᠪᠠᠷ ᠪᠢᠯᠬᠠᠮ᠎ᠠ ᠪᠦᠲᠦᠭᠡᠯ ᠤᠳ ᠨᠢ ᠬᠡᠦᠬᠡᠳ ᠤᠨ ᠭᠠᠷ ᠬᠥᠳᠡᠯᠬᠦ ᠴᠢᠳᠠᠪᠤᠷᠢ ᠪᠣᠯᠤᠨ ᠰᠢᠨᠵᠢᠯᠡᠬᠦ ᠤᠬᠠᠭᠠᠨ ᠤ ᠰᠡᠳᠬᠢᠬᠦᠶ ᠶᠢ ᠢᠯᠡᠷᠡᠭᠦᠯᠪᠡ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠬᠢᠯᠠᠰ ᠴᠡᠭ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢᠨ ᠠᠪᠴᠢᠷᠠᠭᠰᠠᠨ ᠬᠠᠷᠢᠯᠴᠠᠨ ᠬᠥᠳᠡᠯᠦᠯᠴᠡᠬᠦ ᠲᠥᠬᠦᠭᠡᠷᠦᠮᠵᠢ ᠨᠢ ᠰᠤᠷᠤᠭᠴᠢᠳ ᠲᠤ ᠳᠠᠭᠤᠨ ᠬᠡᠷᠡᠯ ᠴᠠᠬᠢᠯᠭᠠᠨ ᠰᠣᠷᠢᠨᠵᠢᠨ ᠨᠢᠭᠤᠴᠠ ᠶᠢ ᠮᠡᠳᠡᠷᠡᠭᠦᠯᠵᠦ᠂ ᠮᠠᠰᠢᠨ ᠬᠥᠮᠦᠨ ᠤ ᠪᠥᠵᠢᠭ ᠤᠨ ᠦᠵᠡᠭᠦᠯᠦᠯᠭᠡ ᠪᠠ ᠵᠢᠯᠣᠭᠤᠴᠢ ᠥᠬᠡᠶ ᠨᠢᠰᠬᠡᠯ ᠤᠨ ᠵᠢᠭᠰᠠᠭᠠᠯ ᠤᠨ ᠨᠢᠰᠦᠯᠲᠡ ᠶᠢᠨ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃ ᠬᠡᠦᠬᠡᠳ ᠤᠳ ᠰᠤᠨᠢᠷᠬᠠᠬᠤ ᠶᠢᠨ ᠳᠤᠮᠲᠠ ᠰᠤᠷᠤᠯᠴᠠᠵᠦ᠂ ᠰᠤᠷᠤᠯᠴᠠᠬᠤ ᠶᠢᠨ ᠳᠤᠮᠳᠠ ᠲᠤᠭᠯᠠᠵᠤ᠂ ᠰᠢᠨᠵᠢᠯᠡᠬᠦ ᠤᠬᠠᠭᠠᠨ ᠤ ᠰᠤᠨᠢᠷᠬᠠᠯᠲᠦ ᠬᠦᠴᠦᠨ ᠳᠤ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠪᠠ᠃   ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠨᠢ ᠰᠤᠷᠤᠭᠴᠢᠳ ᠲᠤ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ᠂ ᠰᠢᠨ᠎ᠡ ᠶᠢ ᠡᠭᠦᠳᠬᠦ ᠶᠢ ᠳᠡᠯᠭᠡᠨ ᠦᠵᠡᠭᠦᠯᠬᠦ ᠥᠷᠭᠡᠨ ᠠᠭᠤᠳᠠᠮ ᠲᠠᠪᠴᠠᠩ ᠢ ᠪᠠᠶᠢᠭᠤᠯᠤᠨ ᠥᠭᠴᠡᠶ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠠᠩ ᠣᠯᠠᠨ ᠪᠠᠶᠠᠯᠢᠭ ᠰᠠᠶᠢᠬᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠯ ᠭᠢᠯᠪᠠᠭ᠎ᠠ ᠪᠠᠨ ᠨᠠᠩ ᠣᠯᠠᠨ ᠬᠡᠤᠬᠡᠳ ᠤᠨ ᠬᠦᠰᠡᠯ ᠵᠡᠭᠦᠳᠦ ᠶᠢ ᠭᠡᠷᠡᠯᠳᠦᠭᠦᠯᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠲᠠᠢ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号