6 ᠰᠠᠷ᠎ᠠ ᠶᠢᠨ 20 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 92 ᠳ᠋ᠤᠭᠠᠷ ᠤᠳᠠᠭᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ᠂ ᠬᠤᠷᠢᠶᠠᠨ ᠳᠠᠷᠤᠭ᠎ᠠ ᠵᠤᠤ ᠯᠧ ᠵᠢᠢ ᠮᠠᠨ ᠤ ᠣᠷᠣᠨ ᠳᠤ ᠪᠠᠶᠢᠴᠠᠭᠠᠨ | ᠰᠤᠳᠤᠯᠤᠯᠲᠠ ᠬᠢᠬᠦ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠦᠶ᠎ᠡ ᠶᠢᠨ ᠵᠢᠭᠠᠪᠤᠷᠢ ᠶᠢᠨ | ᠵᠣᠷᠢᠭ ᠰᠠᠨᠠᠭ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ︽ᠨᠠᠮ ᠵᠠᠰᠠᠭ ᠤᠨ ᠪᠠᠶᠢᠭᠤᠯᠭ᠎ᠠ ᠠᠯᠢ | ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠵᠡᠷᠭᠡ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠦᠨ ᠱᠤᠤ ᠴᠧᠩ ᠤᠨ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠵᠤᠤ ᠶᠠᠨ ᠬᠤᠩ ᠴᠢᠬᠤᠯᠠᠴᠢᠯᠠᠭᠰᠠᠨ ᠨᠢ᠂ ︽ᠬᠠᠮᠢᠶᠠᠷᠴᠤ ᠬᠠᠮᠠᠭᠠᠯᠠᠨ ᠬᠡᠷᠡᠭᠯᠡᠬᠦ︾ ᠠᠵᠢᠯ ᠢ ᠰᠠᠶᠢᠲᠤᠷ ᠬᠢᠵᠦ᠂ | ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠭᠰᠠᠨ ᠰᠠᠭᠤᠷᠢᠨ ᠳᠡᠭᠡᠷ᠎ᠡ ᠤᠢ ᠰᠢᠭᠤᠢ ᠶᠢᠨ ᠡᠬᠢ ᠪᠠᠶᠠᠯᠢᠭ ᠢ | ᠵᠣᠬᠢᠰᠲᠠᠢ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠢ ᠶᠢᠨ ᠬᠤᠷᠮᠣᠢ ᠶᠢᠨ ᠠᠵᠤ | ᠠᠬᠤᠢ ᠶᠢ ᠬᠥᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ | ᠬᠠᠷᠢᠴᠠᠭ᠎ᠠ ᠶᠢ ᠰᠠᠶᠢᠲᠤᠷ ᠲᠡᠩᠴᠡᠭᠦᠷᠢᠰᠢᠭᠦᠯᠵᠦ᠂ ᠤᠢ ᠰᠢᠭᠤᠢ ᠶᠢᠨ ᠲᠠᠯᠠᠪᠠᠢ ᠳᠤ ᠨᠡᠩ ᠶᠡᠭᠡ ᠠᠮᠢ ᠠᠬᠤᠢ ᠪᠣᠯᠤᠨ | ᠠᠵᠤ ᠠᠬᠤᠢ ᠶᠢᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠤᠯᠴᠠᠯᠭ᠎ᠠ | ᠬᠥᠮᠦᠵᠢᠯ ᠠᠴᠠ ᠡᠭᠦᠰᠦᠭᠰᠡᠨ ᠬᠥᠳᠡᠯᠭᠡᠬᠦ ᠬᠦᠴᠦᠨ ᠤ ᠡᠷᠴᠢ ᠵᠣᠷᠢᠭ ᠢ ᠦᠨᠡᠨᠬᠦ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ | ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ | ᠰᠢᠢᠳᠪᠦᠷᠢᠯᠡᠬᠦ ᠠᠬᠢᠴᠠ ᠪᠣᠯᠤᠨ ᠠᠷᠢᠯᠭᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ | ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ | ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ | ᠵᠡᠭᠡᠯᠢ ᠭᠤᠳᠤᠮᠵᠢ︶ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ |