6 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠶᠠᠨ | ᠬᠤᠩ ᠤᠯᠠᠭᠠᠨᠬᠠᠳᠠ ᠬᠠᠷᠠᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ ᠳᠤ ᠬᠦᠷᠴᠦ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠪᠠ ︽ᠴᠢᠬᠤᠯᠠ | ᠶᠡᠭᠡ ᠲᠥᠷᠥᠯ ᠵᠦᠢᠯ ᠤᠨ ᠬᠥᠲᠥᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ | ᠰᠤᠳᠤᠯᠵᠤ᠂ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ | ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠠᠰᠠᠭᠤᠨ | ᠯᠠᠪᠯᠠᠬᠤ ᠶᠢᠨ ᠬᠠᠮᠲᠤ ᠰᠢᠢᠳᠪᠦᠷᠢᠯᠡᠬᠦ ᠲᠥᠰᠦᠯ ᠪᠠ ᠠᠵᠢᠯ ᠤᠨ ᠱᠠᠭᠠᠷᠳᠠᠯᠭ᠎ᠠ ᠳᠤᠷᠠᠳᠪᠠ᠃ | ᠵᠣᠣ ᠶᠠᠨ ᠬᠤᠩ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯ ᠠᠵᠤ ᠠᠬᠤᠶ ᠶᠢᠨ | ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ | ᠵᠢᠭᠰᠠᠭᠠᠯ ᠤᠨ ᠭᠠᠵᠠᠷ᠂ ᠠᠵᠤ ᠦᠢᠯᠡᠰ ᠤᠨ ᠲᠥᠪᠯᠡᠷᠡᠯ ᠤᠨ ᠴᠢᠬᠤᠯᠠ ᠠᠴᠢᠶᠠᠯᠠᠪᠤᠷᠢ ᠮᠥᠨ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠬᠥᠲᠥᠯᠦᠨ ᠳᠠᠭᠠᠭᠤᠯᠬᠤ ᠦᠢᠯᠡᠳᠦᠯ ᠲᠠᠢ | ᠶᠤᠮ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ | ᠤᠶᠠᠯᠳᠤᠭᠤᠯᠤᠨ᠂ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠴᠢᠩᠭᠠᠳᠬᠠᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠠᠵᠠᠷ ᠰᠢᠷᠣᠶ ᠶᠢᠨ ᠡᠬᠢ ᠪᠠᠶᠠᠯᠢᠭ ᠢ ᠵᠦᠶ | ᠵᠣᠬᠢᠰᠲᠠᠶ ᠠᠰᠢᠭᠯᠠᠨ᠂ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠬᠥᠭᠵᠢᠯᠲᠡ᠂ ᠬᠦᠷᠢᠶᠡᠯᠡᠩ ᠲᠣᠭᠤᠷᠢᠭ ᠤᠨ ᠠᠵᠤ | ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ | ᠂ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠶᠢ ᠴᠢᠷᠮᠠᠶᠢᠨ ᠪᠤᠢ | ᠪᠣᠯᠭᠠᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ | ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠭᠠᠵᠠᠷ ᠰᠢᠷᠣᠢ᠂ | ᠪᠡᠯᠡ ᠮᠥᠩᠭᠦ᠂ ᠬᠢᠨᠠᠨ ᠵᠥᠪᠰᠢᠶᠡᠷᠡᠬᠦ ᠵᠡᠷᠭᠡ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠬᠥᠭᠵᠢᠯᠲᠡ ᠶᠢᠨ ᠢᠲᠡᠭᠡᠯ ᠵᠣᠷᠢᠭ ᠢ ᠨᠢ ᠴᠢᠨᠠᠭᠰᠢᠳᠠ ᠬᠥᠭᠵᠢᠭᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ | ᠡᠷᠢᠬᠦ ᠪᠤᠳᠤᠯ ᠢ ᠡᠷᠡᠰ ᠬᠤᠷᠢᠭᠯᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠬᠠᠷᠠᠴᠢᠨ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ | ᠲᠣᠭᠤᠷᠢᠨ ᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠰᠢᠭᠤᠨ ᠤ ᠱᠠᠲᠤᠨ ᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | |