ᠵᠣᠣ ᠶᠠᠨ ᠬᠤᠩ ᠶᠡᠭᠡ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/4
   6 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠵᠢᠨᠱᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠪᠠ ᠵᠢᠨᠱᠠᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃   ᠵᠣᠣ ᠶᠠᠨ ᠬᠤᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠮᠥᠨ᠂ ᠲᠦᠭ ᠲᠦᠮᠡᠨ ᠠᠶᠢᠯ ᠡᠷᠦᠬᠡ᠂ ᠪᠥᠬᠦ ᠨᠡᠶᠢᠭᠡᠮ ᠢᠶᠠᠷ ᠢᠶᠠᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠡᠭᠡ ᠶᠠᠪᠤᠳᠠᠯ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠡᠯ᠎ᠡ ᠵᠦᠢᠯ ᠤᠨ ᠰᠢᠯᠭᠠᠯᠲᠠ ᠶᠢᠨ ᠶᠠᠪᠤᠳᠠᠯ ᠤᠨ ᠠᠵᠢᠯ ᠢ ᠨᠠᠷᠢᠯᠢᠭ ᠪᠥᠭᠡᠳ ᠪᠣᠳᠠᠲᠠᠶ ᠪᠠᠷ ᠬᠢᠬᠦ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠬᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠵᠣᠯᠭᠠᠯᠴᠠᠭ᠎ᠠ ᠤᠷᠤᠭᠰᠢᠲᠠᠶ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠵᠤ ᠂ ᠰᠢᠯᠭᠠᠭᠤᠯᠤᠭᠰᠠᠳ ᠢ ᠰᠠᠨᠠᠭ᠎ᠠ ᠠᠮᠤᠷ ᠪᠠᠶᠢᠯᠭᠠᠵᠤ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ᠃ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢ ᠴᠢᠩᠳᠠᠯᠠᠵᠤ᠂ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠢᠯᠭᠠᠯᠲᠠ ᠳᠤ ᠭᠡᠮ ᠦᠢᠯᠡᠳᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂ ᠤᠯᠤᠰ ᠤᠨ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠪᠥᠬᠦ ᠶᠠᠪᠤᠴᠠ᠂ ᠡᠯ᠎ᠡ ᠭᠤᠭᠴᠤᠭ᠎ᠠ ᠶᠢ ᠳᠠᠬᠢᠨ ᠪᠠᠶᠢᠴᠠᠭᠠᠵᠤ᠂ ᠳᠠᠬᠢᠨ ᠨᠠᠷᠢᠯᠢᠬᠵᠢᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃   ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号